蒙古文网站Logo
ᠰᠢᠨᠬᠤᠸᠠ ᠮᠤᠩᠭ᠋ᠤᠯ ᠨᠧᠲ

ᠵᠠᠭᠤ ᠭᠠᠷᠤᠢ ᠠᠵᠤ ᠠᠬᠤᠶᠢᠯᠠᠯᠲᠠᠨ ᠦᠪᠦᠷ ᠮᠤᠩᠭᠤᠯ ᠤᠨ ᠶᠡᠬᠡ ᠰᠤᠷᠭᠠᠭᠤᠯᠢ ᠳᠦ ᠰᠢᠨ᠎ᠡ ᠶᠢ ᠡᠭᠦᠳᠦᠨ ᠦᠢᠯᠡᠰ ᠪᠤᠰᠬᠠᠬᠤ ᠵᠢᠯᠤᠭᠤᠳᠤᠭᠴᠢ ᠪᠠᠭᠰᠢ ᠪᠡᠷ ᠤᠷᠢᠭᠳᠠᠵᠠᠢ

2017-04-25 17:16

    ᠤᠶᠢᠷ᠎ᠠ ᠳᠦ᠂ ᠦᠪᠦᠷ ᠮᠤᠩᠭᠤᠯ ᠳᠠᠶᠠᠭᠠᠷ ᠤᠨ 100 ᠭᠠᠷᠤᠢ ᠰᠢᠯᠢᠳᠡᠭ ᠠᠵᠤ ᠠᠬᠤᠶᠢᠯᠠᠯᠲᠠᠨ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠤᠷᠢᠯᠭ᠎ᠠ ᠶᠢᠨ ᠪᠢᠴᠢᠭ᠌ ᠢ ᠲᠤᠰᠴᠤ᠂ ᠦᠨᠳᠦᠰᠦᠨ ᠠᠩᠭᠢ ᠶᠢᠨ ᠰᠢᠨ᠎ᠡ ᠶᠢ ᠡᠭᠦᠳᠦᠨ ᠦᠢᠯᠡᠰ ᠪᠤᠰᠬᠠᠬᠤ ᠵᠢᠯᠤᠭᠤᠳᠤᠭᠴᠢ ᠪᠠᠭᠰᠢ ᠪᠡᠷ ᠤᠷᠢᠭᠳᠠᠵᠠᠢ᠃

    ᠲᠤᠰᠢᠶᠠᠯ ᠡᠭᠦᠷᠭᠡᠯᠡᠭᠰᠡᠨ ᠵᠢᠯᠤᠭᠤᠳᠤᠭᠴᠢ ᠠᠵᠤ ᠠᠬᠤᠶᠢᠯᠠᠯᠲᠠᠳ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠤᠶᠤᠳᠠᠳ ᠲᠠᠢ 《ᠭᠠᠷ ᠭᠠᠷ ᠢᠶᠡᠨ ᠬᠤᠯᠪᠤᠨ》ᠬᠠᠪᠰᠤᠷᠤᠯᠴᠠᠬᠤ ᠳᠤᠭᠳᠠᠯᠴᠠᠭ᠎ᠠ ᠪᠠᠶᠢᠭᠤᠯᠵᠤ᠂ ᠬᠢᠴᠢᠶᠡᠯ ᠤᠨ ᠳᠠᠩᠬᠢᠮ ᠳᠤ ᠤᠷᠤᠵᠤ ᠤᠶᠤᠳᠠᠳ ᠲᠠᠢ ᠦᠵᠡᠯ ᠪᠤᠳᠤᠯ ᠢᠶᠡᠨ ᠬᠤᠪᠢᠶᠠᠯᠴᠠᠨ᠂ ᠳᠡᠳᠡᠨᠡᠷ ᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠤᠬᠠᠮᠰᠠᠷ ᠢ ᠳᠡᠭᠡᠭᠰᠢᠯᠡᠭᠦᠯᠬᠦ ᠪᠠ ᠴᠢᠳᠠᠪᠦᠷᠢ ᠶᠢ ᠨᠢ ᠨᠡᠮᠡᠭᠳᠡᠭᠦᠯᠵᠤ᠂ ᠳᠤᠰ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠤᠰᠬᠠᠬᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠶᠢ ᠠᠭᠢᠭᠤᠯᠬᠤ ᠪᠤᠯᠤᠨ᠎ᠠ᠃

    ᠡᠨᠡ ᠪᠤᠯ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠰᠢᠨ᠎ᠡ ᠶᠢ ᠡᠭᠦᠳᠦᠨ ᠦᠢᠯᠡᠰ ᠪᠤᠰᠬᠠᠬᠤ ᠰᠤᠷᠭᠠᠨ ᠬᠦᠮᠦᠵᠢᠯ ᠢ ᠠᠭᠢᠭᠤᠯᠬᠤ ᠴᠢᠬᠤᠯᠠ ᠠᠷᠭ᠎ᠠ ᠬᠡᠮᠵᠢᠶ᠎ᠡ᠂ ᠮᠦᠨ ᠴᠦ ᠦᠨᠳᠦᠰᠦᠨ ᠠᠩᠭᠢ ᠶᠢᠨ ᠰᠤᠷᠭᠠᠨ ᠬᠦᠮᠦᠵᠢᠯ ᠵᠢᠭᠠᠨ ᠰᠤᠷᠭᠠᠯᠲᠠ ᠶᠢᠨ ᠦᠭᠡᠷᠡᠴᠢᠯᠡᠯᠲᠡ ᠶᠢ ᠪᠦᠬᠦ ᠲᠠᠯ᠎ᠠ ᠪᠡᠷ ᠭᠦᠨᠵᠡᠭᠡᠶᠢᠷᠡᠭᠦᠯᠬᠦ ᠪᠠ ᠴᠢᠳᠠᠪᠤᠷᠢᠲᠠᠨ ᠢ ᠬᠦᠮᠦᠵᠢᠭᠦᠯᠬᠦ ᠴᠢᠨᠠᠷ ᠴᠢᠨᠠᠰᠠᠭ᠎ᠠ ᠶᠢ ᠳᠡᠬᠡᠭ᠍ᠰᠢᠯᠡᠬᠦᠯᠬᠦ ᠰᠢᠪᠲᠤᠯᠤᠯᠲᠠ ᠶᠢᠨ ᠴᠡᠭ ᠪᠤᠯᠤᠨ᠎ᠠ᠃

    ᠤᠶᠢᠷ᠎ᠠ ᠶᠢᠨ ᠵᠢᠯ ᠡᠴᠡ ᠠᠪᠤᠭᠠᠳ᠂ ᠦᠪᠦᠷ ᠮᠤᠩᠭᠤᠯ ᠤᠨ ᠶᠡᠬᠡ ᠰᠤᠷᠭᠠᠭᠤᠯᠢ ᠤᠯᠤᠰ ᠤᠨ ᠰᠢᠨ᠎ᠡ ᠡᠭᠦᠳᠦᠯᠳᠡ ᠶᠢ ᠳᠦᠯᠬᠢᠬᠦᠦ ᠠᠭᠢᠭᠤᠯᠬᠤ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠ 《ᠦᠢᠯᠡᠰ ᠪᠦᠲᠦᠭᠡᠬᠦ ᠪᠠ ᠰᠢᠨ᠎ᠡ ᠶᠢ ᠡᠭᠦᠳᠬᠦ》ᠠᠵᠢᠯ ᠤᠨ ᠱᠠᠭᠠᠷᠳᠠᠯᠭ᠎ᠠ ᠶᠢ ᠨᠢᠬᠲᠠ ᠤᠶᠠᠯᠳᠤᠭᠤᠯᠤᠨ᠂ ᠬᠦᠮᠦᠵᠢᠭᠦᠯᠬᠦ ᠲᠦᠰᠦᠯ ᠢ ᠬᠢᠨᠠᠨ ᠵᠠᠰᠠᠪᠤᠷᠢᠯᠡᠵᠦ᠂ ᠬᠢᠴᠢᠶᠡᠯ ᠳᠦᠷᠦᠯ ᠤᠨ ᠲᠤᠭᠲᠠᠯᠴᠠᠭ᠎ᠠ ᠶᠢ ᠲᠡᠭᠦᠯᠳᠡᠷᠵᠢᠭᠦᠯᠦᠨ᠂ ᠵᠢᠭᠠᠨ ᠰᠤᠷᠭᠠᠯᠲᠠ ᠶᠢᠨ ᠠᠷᠭ᠎ᠠ ᠪᠠᠨ ᠦᠭᠡᠷᠡᠴᠢᠯᠡᠵᠦ᠂ ᠰᠢᠨ᠎ᠡ ᠶᠢ ᠡᠭᠦᠳᠦᠨ ᠦᠢᠯᠡᠰ ᠪᠤᠰᠬᠠᠬᠤ ᠰᠤᠷᠭᠠᠨ ᠬᠦᠮᠦᠵᠢᠯ ᠤᠨ ᠠᠭᠤᠯᠭ᠎ᠠ ᠪᠠᠨ ᠪᠠᠶᠠᠯᠢᠭᠵᠢᠭᠤᠯᠵᠤ᠂ ᠰᠤᠷᠤᠭᠴᠢᠳ ᠤᠨ ᠰᠢᠨ᠎ᠡ ᠶᠢ ᠡᠭᠦᠳᠦᠨ ᠦᠢᠯᠡᠰ ᠪᠤᠰᠬᠠᠬᠤ ᠤᠷᠮ᠎ᠠ ᠵᠤᠷᠢᠭ ᠢ ᠬᠦᠭᠵᠢᠭᠡᠵᠦ ᠪᠠᠶᠢᠨ᠎ᠠ᠃ (ᠳᠠᠳᠤᠯᠭ᠎ᠠ ᠶᠢᠨ ᠰᠤᠷᠤᠭᠴᠢ ᠲᠠᠨ᠎ᠠ ᠤᠷᠴᠢᠭᠤᠯᠪᠠ)

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120701120872168