蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ᠄ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ᠳᠦᠷᠢᠮ ᠠᠯᠪᠠ ᠬᠠᠭᠠᠭᠴᠢ ᠶᠢᠨ 《ᠨᠠᠷᠠᠨ ᠭᠡᠷᠡᠯᠲᠤ ᠡᠯᠰᠡᠯᠲᠡ》 ᠳᠤ ᠳᠦᠭᠦᠮ ᠦᠵᠡᠭᠦᠯᠪᠡ

2017-04-27 17:21

    ᠰᠢᠨᠬᠤᠸᠠ ᠬᠤᠷᠢᠶ᠎ᠠ  ᠬᠦᠬᠡᠬᠤᠲᠠ ᠶᠢᠨ 4 ᠰᠠᠷ᠎ᠠ ᠶᠢᠨ 27 ᠤ ᠡᠳᠦᠷ ᠤᠨ ᠴᠠᠬᠢᠯᠭᠠᠨ ᠮᠠᠳᠡᠭᠡ (ᠰᠤᠷᠪᠤᠯᠵᠢᠯᠠᠭᠴᠢ ᠯᠢ ᠶᠦᠨ ᠫᠢᠩ) ᠰᠤᠷᠪᠤᠯᠵᠢᠯᠠᠭᠴᠢ 27 ᠤ ᠡᠳᠦᠷ ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠤ ᠬᠦᠮᠦᠨ ᠤ ᠨᠦᠭᠡᠴᠡ ᠪᠠ ᠨᠡᠶᠢᠭᠡᠮ ᠤᠨ ᠪᠠᠲᠤᠯᠠᠭᠠᠨ ᠤ ᠲᠢᠩᠬᠢᠮ ᠡᠴᠡ ᠤᠶᠢᠯᠠᠭᠠᠭᠰᠠᠨ ᠢᠶᠡᠷ᠂ ᠎ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ  ᠠᠯᠪᠠ ᠬᠠᠭᠠᠭᠴᠢ ᠶᠢᠨ ᠨᠢᠭᠤᠷᠳᠠᠨ ᠰᠢᠯᠭᠠᠯᠲᠠ ᠶᠢᠨ ᠠᠵᠢᠯ ᠳᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢᠨ ᠳᠦᠷᠢᠮ ᠢ ᠪᠦᠷᠢᠨ ᠲᠡᠭᠦᠯᠳᠡᠷᠵᠢᠭᠦᠯᠵᠦ《ᠨᠠᠷᠠᠨ ᠭᠡᠷᠡᠯᠲᠤ ᠡᠯᠰᠡᠯᠲᠡ》 ᠶᠢ ᠪᠠᠳᠤᠯᠠᠬᠤ ᠪᠡᠷ ᠪᠤᠢ᠃

    ᠲᠡᠨᠢᠯᠴᠠᠭᠤᠯᠤᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠂ ᠰᠢᠯᠭᠠᠭᠤᠯᠤᠭᠰᠠᠳ ᠤᠨ ᠭᠡᠷ ᠤᠨ ᠠᠬᠠᠮᠠᠳ ᠢ ᠵᠠᠯᠠᠵᠤ ᠨᠢᠭᠤᠷᠳᠠᠨ ᠰᠢᠯᠭᠠᠯᠲᠠ ᠶᠢᠨ ᠲᠠᠯᠠᠪᠤᠷ ᠤᠨ ᠪᠠᠶᠢᠳᠠᠯ ᠢ ᠤᠶᠢᠯᠠᠭᠠᠭᠤᠯᠤᠨ᠎ᠠ᠃ ᠷᠠᠳᠢᠤ᠋ ᠬᠤᠷᠢᠶ᠎ᠠ ᠪᠠ ᠲᠸᠯᠸᠢᠰ ᠬᠤᠷᠢᠶ᠎ᠠ ᠪᠡᠷ ᠨᠢᠭᠤᠷᠳᠠᠨ ᠰᠢᠯᠭᠠᠯᠲᠠ ᠶᠢᠨ ᠲᠠᠯᠠᠪᠤᠷ ᠢ ᠤᠶᠢᠯᠠᠭᠠᠭᠤᠯᠬᠤ ᠫᠷᠤᠭ᠍ᠷᠠᠮ ᠤᠨ ᠨᠡᠪᠲᠡᠷᠡᠭᠦᠯᠭᠡ ᠬᠢᠯᠭᠡᠨ᠎ᠠ᠃ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠢ ᠨᠢᠭᠤᠷᠳᠠᠨ ᠰᠢᠯᠭᠠᠯᠲᠠ ᠶᠢᠨ ᠲᠠᠯᠠᠪᠤᠷ ᠲᠤ ᠬᠢᠨᠠᠭᠴᠢ ᠪᠡᠷ ᠵᠠᠯᠠᠵᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠦᠴᠢᠷ ᠢᠶᠡᠷ ᠪᠦᠬᠦ ᠶᠠᠪᠤᠴᠠ ᠳᠤ ᠬᠢᠨᠠᠯᠲᠠ ᠲᠠᠯᠪᠢᠭᠤᠯᠤᠨ᠎ᠠ᠂ ᠨᠢᠭᠤᠷᠳᠠᠨ ᠰᠢᠯᠭᠠᠯᠲᠠ ᠶᠢᠨ ᠲᠠᠯᠠᠪᠤᠷ ᠪᠦᠷᠢ  ᠳᠤ ᠰᠠᠬᠢᠯᠭ᠎ᠠ ᠪᠠᠲᠤ ᠪᠠᠶᠢᠴᠠᠭᠠᠭᠴᠢ ᠲᠤᠬᠢᠷᠠᠭᠤᠯᠵᠤ᠂ ᠰᠡᠳᠦᠪ ᠭᠠᠷᠭᠠᠬᠤ᠂ ᠰᠢᠪᠠᠭ᠎ᠠ ᠰᠤᠭᠤᠯᠬᠤ᠂ ᠰᠢᠯᠭᠠᠯᠲᠠ ᠶᠢᠨ ᠬᠠᠭᠤᠳᠠᠰᠤ ᠬᠦᠷᠭᠡᠬᠦ ᠵᠡᠷᠬᠡ ᠶᠠᠪᠤᠴᠠ ᠳᠤ ᠬᠢᠨᠠᠯᠳᠠ ᠲᠠᠯᠪᠢᠭᠤᠯᠤᠨ᠎ᠠ᠃

    ᠦᠪᠦᠷ ᠮᠣᠩᠭᠣᠯ ᠤᠨ ᠦᠪᠡᠷᠳᠡᠭᠡᠨ ᠵᠠᠰᠠᠬᠤ ᠤᠷᠤᠨ ᠠᠯᠪᠠ ᠬᠠᠭᠠᠭᠴᠢ ᠶᠢᠨ ᠨᠢᠭᠤᠷᠳᠠᠨ ᠰᠢᠯᠭᠠᠯᠲᠠ ᠶᠢᠨ ᠠᠵᠢᠯ ᠤᠨ ᠶᠠᠪᠤᠴᠠ ᠶᠢ ᠤᠯᠠᠮ ᠴᠢᠨᠠᠭᠰᠢᠲᠠ ᠰᠢᠯᠢᠳᠡᠭᠵᠢᠭᠦᠯᠬᠦ ᠶᠢᠨ ᠲᠦᠯᠦᠭᠡ ᠬᠢᠨᠠᠭᠴᠢᠳ ᠢ ᠲᠤᠮᠢᠯᠠᠬᠤ ᠪᠡᠨ ᠪᠤᠯᠢᠵᠤ ᠮᠠᠰᠢᠨ ᠤ ᠰᠤᠭᠤᠴᠢᠨ ᠰᠤᠩᠭ᠋ᠤᠯᠲᠠ ᠪᠡᠷ ᠬᠢᠨᠠᠭᠴᠢᠳ ᠤᠨ ᠨᠡᠷᠡᠰ ᠢ ᠪᠤᠢ ᠪᠤᠯᠭᠠᠬᠤ ᠪᠠ ᠡᠭᠡᠳᠡᠷᠡᠭᠡᠨ ᠲᠠᠢ ᠠᠰᠠᠭᠤᠳᠠᠯ ᠡᠭᠦᠰᠬᠦ ᠡᠴᠡ ᠪᠤᠯᠭᠤᠮᠵᠢᠯᠠᠵᠤ ᠭᠠᠳᠠᠷ ᠮᠤᠵᠢ ᠡᠴᠡ ᠵᠤᠬᠢᠬᠤ ᠲᠤᠭᠠᠨ ᠤ ᠬᠢᠨᠠᠭᠴᠢᠳ ᠤᠷᠢᠨ ᠵᠠᠯᠠᠬᠤ ᠪᠡᠷ ᠪᠤᠯᠵᠠᠢ᠃ ( ᠳᠠᠳᠤᠯᠭ᠎ᠠ ᠶᠢᠨ ᠰᠤᠷᠤᠭᠴᠢ ᠵᠢᠢ ᠶᠡᠨ ᠺᠦᠨ ᠤᠷᠴᠢᠭᠤᠯᠪᠠ)

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120885859