蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠸᠷᠢᠶᠠᠯ ᠳ᠋ᠤ ᠢᠨᠲ᠋ᠸᠷᠨ᠋ᠸᠲ ᠬᠤᠯᠪᠤᠭᠠᠰᠤ ᠬᠤᠶᠠᠷ ᠬᠡᠮᠵᠢᠯᠲᠡᠲᠦ ᠺᠤᠳ᠋ ᠢᠯᠡᠷᠡᠵᠦ ᠪᠤᠯᠬᠤ ᠦᠭᠡᠢ ᠭᠡᠵᠡᠢ

2017-05-03 17:03

    5 ᠰᠠᠷ᠎ᠠ ᠶᠢᠨ 2 ᠤᠨ ᠡᠲᠦᠷ᠂ ᠰᠤᠷᠭᠠᠨ ᠬᠦᠮᠦᠵᠢᠯ ᠤᠨ ᠶᠠᠮᠤᠨ ᠤ ᠠᠯᠪᠠᠨ ᠤ ᠰᠠᠶᠢᠲ ᠲᠤ 2017 ᠤᠨ ᠤ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠸᠷᠢᠶᠠᠯ ᠤᠨ ᠲᠤᠬᠠᠢ ᠬᠠᠮᠢᠶᠠᠲᠠᠢ ᠮᠡᠲᠡᠭᠲᠡᠯ ᠢ ᠨᠡᠶᠢᠲᠡᠯᠡᠪᠡ᠃ ᠮᠡᠲᠡᠭᠲᠡᠯ ᠳ᠋ᠤ᠂ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠸᠷᠢᠶᠠᠯ ᠳ᠋ᠤ ᠬᠤᠯᠪᠤᠭᠲᠠᠭᠰᠠᠨ ᠲᠠᠪᠲᠠᠬᠤ ᠮᠠᠲ᠋ᠸᠷᠢᠶᠠᠯ ᠤᠨ ᠡᠯ᠎ᠡ ᠲᠦᠷᠦᠯ ᠤᠨ ᠢᠨᠲ᠋ᠸᠷᠨ᠋ᠸᠲ ᠬᠤᠯᠪᠤᠭᠠᠰᠤ᠂ ᠬᠤᠶᠠᠷ ᠬᠡᠮᠵᠢᠯᠲᠡᠲᠦ ᠺᠤᠳ᠋ ᠢ ᠬᠠᠩᠭ᠋ᠠᠵᠤ ᠪᠤᠯᠬᠤ ᠦᠭᠡᠢ ᠭᠡᠵᠦ ᠱᠠᠭᠠᠷᠲᠠᠪᠠ᠃

    ᠮᠡᠲᠡᠭᠲᠡᠯ ᠳ᠋ᠤ ᠲᠤᠤᠷᠠᠬᠢ ᠮᠡᠲᠦ ᠨᠠᠶ᠋ᠮᠠᠨ ᠱᠠᠭᠠᠷᠲᠠᠯᠭ᠎ᠠ  ᠲᠤᠷᠠᠳᠪᠠ᠃

    ᠨᠢᠭᠡ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠤᠯᠤᠰ ᠤᠨ ᠬᠢᠴᠢᠶᠠᠯ ᠤᠨ ᠬᠠᠮᠢᠶᠠᠲᠠᠢ ᠰᠠᠯᠪᠤᠷᠢ ᠳ᠋ᠤ ( 《ᠶᠤᠰᠤ ᠮᠤᠷᠠᠯ ᠬᠢᠭᠡᠳ ᠬᠠᠦᠯᠢ ᠪᠡᠷ ᠵᠠᠰᠠᠬᠤ》᠂《ᠬᠡᠯᠡ ᠪᠢᠴᠢᠭ᠌》᠂《 ᠲᠡᠦᠬᠡ》 ᠪᠠ ᠪᠠᠭ᠎ᠠ ᠰᠤᠷᠭᠠᠭᠤᠯᠢ ᠶᠢᠨ 《ᠰᠢᠨᠵᠢᠯᠡᠬᠦ ᠤᠬᠠᠭᠠᠨ》 ᠡᠴᠡ ᠭᠠᠲᠠᠨ᠎ᠠ) ᠮᠦᠨ 《 2016 ᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠵᠢᠭᠠᠨ ᠰᠤᠷᠭᠠᠯᠲᠠ ᠳ᠋ᠤ ᠬᠡᠷᠡᠭᠯᠡᠬᠦ ᠪᠢᠴᠢᠭ᠌ ᠤᠨ ᠭᠠᠷᠴᠠᠭ》 ᠲᠦ ᠨᠡᠶᠢᠲᠡᠯᠡᠭᠰᠡᠨ ᠵᠢᠭᠠᠬᠤ ᠮᠠᠲ᠋ᠸᠷᠢᠶᠠᠯ ᠢ ᠬᠡᠷᠡᠭᠯᠡᠨ᠎ᠡ᠃

    ᠬᠤᠶᠠᠷ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ 《 ᠶᠤᠰᠤ ᠮᠤᠷᠠᠯ ᠬᠢᠭᠡᠳ ᠬᠠᠦᠯᠢ ᠪᠡᠷ ᠵᠠᠰᠠᠬᠤ》᠂《ᠬᠡᠯᠡ ᠪᠢᠴᠢᠭ᠌》᠂《ᠲᠡᠦᠬᠡ》 ᠪᠠ ᠪᠠᠭ᠎ᠠ ᠰᠤᠷᠭᠠᠭᠤᠯᠢ ᠶᠢᠨ《ᠰᠢᠨᠵᠢᠯᠡᠬᠦ ᠤᠬᠠᠭᠠᠨ》ᠨᠤᠮ ᠤᠨ ᠬᠢᠨᠠᠨ ᠵᠦᠪᠰᠢᠶᠡᠷᠡᠬᠦ ᠠᠵᠢᠯ ᠲᠠᠭᠤᠰᠤᠭᠠᠲᠤᠢ ᠪᠤᠯᠬᠤᠷ᠂ ᠲᠡᠭᠡᠷ᠎ᠡ ᠲᠤᠷᠠᠲᠤᠭᠰᠠᠨ ᠵᠢᠭᠠᠬᠤ ᠮᠠᠲ᠋ᠸᠷᠢᠶᠠᠯ ᠢ ᠬᠡᠷᠡᠭᠯᠡᠬᠦ ᠴᠠᠭ ᠢ ᠲᠠᠬᠢᠨ ᠮᠡᠲᠡᠭᠲᠡᠨ᠎ᠡ᠃

    ᠭᠤᠷᠪᠠ᠂ ᠡᠩ ᠤᠨ ᠦᠨᠳᠦᠷ ᠲᠤᠮᠲᠠᠲᠤ ᠰᠤᠷᠭᠠᠭᠤᠯᠢ ᠶᠢᠨ ᠤᠯᠤᠰ ᠤᠨ ᠬᠢᠴᠢᠶᠠᠯ ᠤᠨ ᠬᠠᠮᠢᠶᠠᠲᠠᠢ ᠰᠠᠯᠪᠤᠷᠢ ᠳ᠋ᠤ 《2011 ᠤᠨ ᠤ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠳ᠋ᠤ ᠬᠡᠷᠡᠭᠯᠡᠬᠦ ᠨᠤᠮ ᠤᠨ ᠭᠠᠷᠴᠠᠭ ( ᠬᠤᠪᠢᠷᠠᠭᠰᠠᠨ ᠬᠡᠰᠡᠭ)》《2009 ᠤᠨ ᠤ ᠰᠠᠭᠤᠷᠢ ᠰᠤᠷᠭᠠᠨ ᠬᠦᠮᠦᠵᠢᠯ ᠤᠨ ᠬᠢᠴᠢᠶᠠᠯ ᠤᠨ ᠪᠠᠷᠢᠮᠵᠢᠶ᠎ᠠ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠬᠢᠴᠢᠶᠠᠯ ᠤᠨ ᠪᠢᠴᠢᠭ᠌ ᠤᠨ ᠭᠠᠷᠴᠠᠭ》 ᠲᠤ ᠨᠡᠶᠢᠲᠡᠯᠡᠭᠰᠡᠨ ᠵᠢᠭᠠᠬᠤ ᠮᠠᠲ᠋ᠸᠷᠢᠶᠠᠯ ᠢ ᠬᠡᠷᠡᠭᠯᠡᠵᠦ ᠪᠤᠯᠤᠨ᠎ᠠ ᠭᠡᠵᠡᠢ᠃

    ᠲᠦᠷᠪᠡ᠂ ᠪᠠᠶ᠎ᠠ ᠲᠠᠮᠢᠷ ᠤᠨ ᠰᠤᠷᠭᠠᠭᠤᠯᠢ ᠠᠩᠬ᠎ᠠ ᠲᠤᠮᠲᠠᠲᠤ ᠶᠢᠨ ᠱᠠᠲᠤᠨ ᠡᠴᠡ ᠡᠬᠢᠯᠡᠨ ᠤᠯᠤᠰ ᠤᠨ ᠨᠢᠭᠡᠲᠦᠯᠲᠡᠢ ᠵᠢᠭᠠᠨ ᠰᠤᠷᠭᠠᠬᠤ ᠮᠠᠲ᠋ᠸᠷᠢᠶᠠᠯ《ᠶᠤᠰᠤ ᠮᠤᠷᠠᠯ ᠬᠢᠭᠡᠳ ᠬᠠᠦᠯᠢ ᠪᠡᠷ ᠵᠠᠰᠠᠬᠤ》᠂《ᠬᠡᠯᠡ ᠪᠢᠴᠢᠭ᠌》 ᠢ ᠬᠡᠷᠡᠭᠯᠡᠵᠦ᠂ ᠪᠤᠰᠤᠳ ᠰᠠᠯᠪᠤᠷᠢ ᠶᠢᠨ ᠬᠢᠴᠢᠶᠠᠯ ᠤᠨ ᠪᠢᠴᠢᠭ᠌ ᠢ ᠪᠠᠶ᠎ᠠ ᠲᠠᠮᠢᠷ ᠤᠨ ᠰᠤᠷᠭᠠᠭᠤᠯᠢ ᠳ᠋ᠤ ᠲᠤᠰᠬᠠᠢ ᠬᠡᠷᠡᠭᠯᠡᠬᠦ ᠰᠢᠨ᠎ᠡ ᠪᠡᠷ ᠨᠠᠶᠢᠷᠠᠭᠤᠯᠤᠬᠰᠠᠨ ᠲᠤᠷᠰᠢᠯᠲᠠ ᠶᠢᠨ ᠵᠢᠭᠠᠬᠤ ᠮᠠᠲ᠋ᠸᠷᠢᠶᠠᠯ ᠢ ᠬᠡᠷᠡᠭᠯᠡᠨ᠎ᠡ᠃ ᠪᠤᠰᠤᠳ ᠤᠨ ᠳ᠋ᠤ ᠮᠦᠨ ᠤᠤᠯ ᠤᠨ ᠬᠡᠷᠡᠭᠯᠡᠵᠦ ᠪᠠᠶᠢᠭᠰᠠᠨ ᠵᠢᠭᠠᠬᠤ ᠮᠠᠲ᠋ᠸᠷᠢᠶᠠᠯ ᠢᠶᠡᠨ ᠬᠡᠷᠡᠭᠯᠡᠨ᠎ᠡ᠃

    ᠲᠠᠪᠤ᠂ ᠤᠨᠴᠠᠭᠠᠢ ᠰᠤᠷᠭᠠᠨ ᠬᠦᠮᠦᠵᠢᠯ ᠰᠤᠷᠭᠠᠭᠤᠯᠢ ᠠᠯᠪᠠᠨ ᠵᠢᠷᠤᠮ ᠤᠨ ᠱᠠᠲᠤᠨ ᠤ ᠤᠨᠴᠠᠭᠠᠢ ᠰᠤᠷᠭᠠᠨ ᠬᠦᠮᠦᠵᠢᠯ ᠤᠨ ᠰᠢᠨ᠎ᠡ ᠪᠡᠷ ᠨᠠᠶᠢᠷᠠᠭᠤᠯᠤᠭᠰᠠᠨ ᠵᠢᠭᠠᠬᠤ ᠮᠠᠲ᠋ᠸᠷᠢᠶᠠᠯ ᠢ ᠬᠡᠷᠡᠭᠯᠡᠨ᠎ᠡ᠃

    ᠵᠢᠷᠭᠤᠭ᠎ᠠ᠂ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠸᠷᠢᠶᠠᠯ ᠳ᠋ᠤ ᠬᠤᠯᠪᠤᠭᠲᠠᠭᠰᠠᠨ ᠲᠠᠪᠲᠠᠬᠤ ᠮᠠᠲ᠋ᠸᠷᠢᠶᠠᠯ ᠤᠨ ᠡᠯ᠎ᠡ ᠲᠦᠷᠦᠯ ᠤᠨ ᠢᠨᠲ᠋ᠸᠷᠨ᠋ᠸᠲ ᠬᠤᠯᠪᠤᠭᠠᠰᠤ᠂ ᠬᠤᠶᠠᠷ ᠬᠡᠮᠵᠢᠯᠲᠡᠲᠦ ᠺᠤᠳ᠋ ᠢ  ᠬᠠᠩᠭ᠋ᠠᠵᠤ ᠪᠤᠯᠬᠤ ᠦᠭᠡᠢ᠃

    ᠲᠤᠯᠤᠭ᠎ᠠ᠂ ᠲᠤᠮᠲᠠᠲᠤ ᠪᠠᠭ᠎ᠠ ᠰᠤᠷᠭᠠᠭᠤᠯᠢ 2017 ᠤᠨ ᠤ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠸᠷᠢᠶᠠᠯ ᠤᠨ ᠬᠠᠮᠢᠶᠠᠲᠠᠢ ᠠᠵᠢᠯ ᠢ ᠰᠠᠶᠢᠲᠦᠷ ᠬᠢᠵᠦ᠂ ᠬᠢᠴᠢᠶᠠᠯ ᠡᠬᠢᠯᠡᠬᠦ ᠡᠴᠡ ᠡᠮᠦᠨ᠎ᠡ ᠵᠢᠭᠠᠬᠤ ᠮᠠᠲ᠋ᠸᠷᠢᠶᠠᠯ ᠰᠤᠷᠤᠭᠴᠢᠳ ᠲᠤ ᠬᠦᠷᠬᠦ ᠶᠢ ᠪᠠᠲᠤᠯᠠᠬᠤ ᠬᠡᠷᠡᠭᠲᠡᠢ᠃

    ᠨᠠᠶ᠋ᠮᠠ᠂ ᠡᠯ᠎ᠡ ᠮᠤᠵᠢ ᠶᠢᠨ ᠱᠠᠲᠤᠨ ᠤ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠱᠠᠲᠤᠨ ᠡᠴᠡ ᠵᠢᠭᠠᠬᠤ ᠮᠠᠲ᠋ᠸᠷᠢᠶᠠᠯ ᠬᠡᠷᠡᠭᠯᠡᠵᠦ ᠪᠠᠢᠢᠬᠤ ᠲᠤᠬᠠᠢ ᠪᠠᠶᠢᠴᠠᠭᠠᠵᠤ᠂ ᠲᠤᠭᠲᠠᠭᠠᠯ ᠳ᠋ᠤ ᠨᠡᠶᠢᠴᠡᠭᠰᠡᠨ ᠦᠭᠡᠢ ᠵᠢᠭᠠᠬᠤ ᠮᠠᠲ᠋ᠸᠷᠢᠶᠠᠯ᠂ ᠬᠢᠨᠠᠨ ᠲᠤᠭᠲᠠᠭᠠᠭᠰᠠᠨ ᠦᠭᠡᠢ ᠵᠢᠭᠠᠬᠤ ᠮᠠᠲ᠋ᠸᠷᠢᠶᠠᠯ ᠢ ᠬᠡᠷᠡᠭᠯᠡᠵᠦ ᠪᠠᠶᠢᠭ᠎ᠠ ᠤᠷᠤᠨ ᠨᠤᠲᠤᠭ᠂ ᠰᠤᠷᠭᠠᠭᠤᠯᠢ ᠶᠢ ᠴᠢᠩᠭ᠋᠎ᠠ ᠰᠢᠢᠳᠪᠦᠷᠢᠯᠡᠬᠦ ᠬᠡᠷᠡᠭᠲᠡᠢ᠃

ᠢᠷᠡᠯᠳᠡ᠄ ᠲᠤᠮᠲᠠᠲᠤ ᠤᠯᠤᠰ ᠤᠨ ᠰᠤᠨᠢᠨ ᠮᠡᠲᠡᠭᠡ ᠶᠢᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120912587