蒙古文网站Logo
ᠰᠢᠨᠬᠤᠸᠠ ᠮᠤᠩᠭ᠋ᠤᠯ ᠨᠧᠲ

ᠠᠭᠠᠷ ᠤᠨ ᠲᠤᠯᠠᠭᠠᠨ ᠲᠡᠭᠡᠭ᠍ᠰᠢᠯᠡᠬᠦ ᠨᠢ ᠲᠡᠯᠡᠬᠡᠢ ᠶᠢᠨ ᠪᠦᠮᠪᠦᠷᠴᠡᠭ ᠢ ᠬᠢᠷᠢ ᠨᠦᠯᠦᠭᠡᠯᠡᠲᠡᠭ ᠪᠤᠯ ?

2017-05-03 17:04

    ᠠᠮᠸᠷᠢᠺᠠ ᠶᠢᠨ ᠺᠤᠯᠦ᠋ᠮᠪᠢᠶ᠎ᠠ ᠶᠡᠬᠡ ᠰᠤᠷᠭᠠᠭᠤᠯᠢ ᠶᠢᠨ ᠡᠷᠲᠡᠨ ᠤ ᠴᠠᠭ ᠠᠭᠠᠷ ᠤᠨ ᠰᠤᠲᠤᠯᠤᠭᠠᠴᠢ ᠶᠢᠨ ᠦᠵᠡᠬᠦ ᠪᠡᠷ ᠠᠭᠠᠷ ᠤᠨ ᠲᠤᠯᠠᠭᠠᠨ ᠤ ᠲᠡᠭᠡᠭ᠍ᠰᠢᠯᠡᠬᠦ  ᠪᠠ ᠠᠭᠠᠷ ᠮᠠᠨᠲᠠᠯ ᠤᠨ ᠲᠠᠪᠬᠤᠷᠭ᠎ᠠ ᠳ᠋ᠡᠬᠢ ᠨᠡᠭᠦᠷᠡᠰᠦᠳᠤᠢᠷᠦᠭᠴᠢ ᠶᠢᠨ ᠲᠠᠪᠬᠤᠷ ᠢᠰᠦᠯ ᠤᠯᠠᠨ ᠪᠤᠯᠬᠤ ᠡᠴᠡ ᠪᠦᠬᠦ ᠪᠦᠮᠪᠦᠷᠴᠡᠭ ᠲᠤᠯᠠᠭᠠᠷᠠᠵᠤ᠂ ᠠᠮᠤ ᠬᠦᠨᠡᠰᠦ᠂ ᠤᠰᠤ ᠤᠮᠲᠠ᠂ ᠤᠷᠤᠨ ᠰᠠᠭᠤᠴᠠ᠂ ᠡᠨ᠋ᠸᠷᠬᠢ ᠪᠠ ᠬᠦᠮᠦᠰ ᠤᠨ ᠡᠷᠡᠬᠦᠯ ᠮᠡᠨᠳᠦ ᠶᠢ ᠨᠦᠯᠦᠭᠡᠯᠡᠬᠦ ᠪᠤᠯᠤᠨ᠎ᠠ᠃

    ᠬᠦᠮᠦᠰ ᠤᠨ ᠡᠲᠦᠷ ᠲᠤᠲᠤᠮ ᠢᠲᠡᠲᠡᠭ ᠤᠭᠤᠷᠠᠭ ᠤᠨ 20ᠨᠢ ᠲᠠᠯᠠᠢ ᠲᠠᠩᠬᠢᠰ ᠡᠴᠡ ᠢᠷᠡᠯ ᠲᠠᠢ᠃ ᠠᠭᠤᠷ ᠠᠮᠢᠰᠬᠤᠯ ᠤᠨ ᠬᠤᠪᠢᠷᠠᠯᠲᠠ ᠡᠴᠡ ᠪᠤᠯᠵᠤ ᠲᠠᠯᠠᠢ ᠶᠢᠨ ᠤᠰᠤ ᠢᠰᠦᠯᠲᠦᠨ ᠱᠢᠷᠦ᠂ ᠨᠠᠶ᠋ᠮᠠᠯᠵᠢ ᠵᠡᠷᠭᠡ ᠠᠮᠢᠲᠠᠨ ᠤᠷᠭᠤᠮᠠᠯ ᠤᠨ ᠲᠦᠷᠦᠯ ᠠᠮᠢᠲᠤᠷᠠᠬᠤ ᠶᠢᠨ ᠠᠷᠭ᠎ᠠ ᠦᠭᠡᠢ ᠪᠤᠯᠲᠠᠭ᠂ ᠡᠭᠦᠨ ᠡᠴᠡ ᠪᠤᠯᠵᠤ ᠢᠲᠡᠰᠢ ᠶᠢᠨ ᠭᠢᠨᠵᠢ ᠡᠪᠲᠡᠭᠲᠡᠲᠡᠭ᠃ ᠮᠦᠨ ᠠᠭᠠᠷ ᠤᠨ ᠲᠤᠯᠠᠭᠠᠨ ᠤ ᠲᠡᠭᠡᠭ᠍ᠰᠢᠯᠡᠬᠦ ᠡᠴᠡ ᠤᠰᠤ ᠲᠤᠲᠠᠭᠲᠠᠨ᠂ ᠪᠤᠭᠤᠲᠠᠢ᠂ ᠡᠷᠳᠡᠨᠢ ᠰᠢᠰᠢ ᠶᠢᠨ ᠤᠨᠠᠯᠲᠠ ᠪᠠᠭᠤᠷᠠᠨ᠎ᠠ᠃

    ᠠᠭᠠᠷ ᠤᠨ ᠲᠤᠯᠠᠭᠠᠨ ᠤ ᠲᠡᠭᠡᠭ᠍ᠰᠢᠯᠡᠬᠦ ᠡᠴᠡ ᠮᠦᠰᠦᠨ ᠭᠤᠤᠯ ᠬᠠᠶᠢᠯᠵᠤ᠂ ᠲᠠᠯᠠᠢ ᠶᠢᠨ ᠲᠦᠪᠰᠢᠨ ᠲᠡᠭᠡᠭ᠍ᠰᠢᠯᠡᠵᠦ᠂ ᠤᠷᠤᠨ ᠰᠠᠭᠤᠴᠠ ᠬᠤᠲᠠ ᠰᠠᠭᠤᠷᠢᠨ ᠢ ᠡᠪᠲᠡᠬᠦ ᠠᠶᠤᠯ ᠲᠠᠢ᠃ ᠠᠩᠭ᠍ᠯᠢ ᠶᠢᠨ 《ᠪᠠᠶᠢᠭᠠᠯᠢ》ᠭᠠᠷᠠᠭ ᠤᠨ ᠰᠡᠳᠬᠦᠯ 2015 ᠤᠨ ᠳ᠋ᠤ ᠨᠡᠶᠢᠲᠡᠯᠡᠭᠰᠡᠨ ᠦᠭᠦᠯᠡᠯ ᠳ᠋ᠤ᠂ 1901 ᠤᠨ ᠡᠴᠡ 1990 ᠤᠨ ᠤ ᠬᠤᠭᠤᠷᠤᠨᠲᠤ ᠪᠦᠬᠦ ᠲᠡᠯᠡᠬᠡᠢ ᠶᠢᠨ ᠲᠠᠯᠠᠢ ᠶᠢᠨ ᠲᠦᠪᠰᠢᠨ ᠲᠤᠮᠲᠠᠴᠢ ᠪᠡᠷ ᠵᠢᠯ ᠪᠦᠷᠢ 1.2 ᠮᠢᠯᠯᠢᠮᠲ᠋ᠸᠷ ᠲᠡᠭᠡᠭ᠍ᠰᠢᠯᠡᠵᠦ᠂ 1993 ᠤᠨ ᠡᠴᠡ 2010 ᠤᠨ ᠤ ᠬᠤᠭᠤᠷᠤᠨᠲᠤ ᠲᠠᠯᠠᠢ ᠶᠢᠨ ᠲᠦᠪᠰᠢᠨ ᠲᠤᠮᠲᠠᠴᠢ ᠪᠡᠷ ᠵᠢᠯ ᠪᠦᠷᠢ 3 ᠮᠢᠯᠯᠢᠮᠲ᠋ᠸᠷ ᠲᠡᠭᠡᠭ᠍ᠰᠢᠯᠡᠪᠡ᠃

    ᠴᠠᠰᠤ ᠪᠤᠷᠤᠭᠠᠨ ᠪᠠᠭᠠᠰᠤᠭᠰᠠᠨ ᠶᠢᠡᠷ ᠤᠰᠤᠨ ᠤ ᠬᠦᠴᠦᠨ ᠢᠶᠡᠷ ᠴᠠᠬᠢᠯᠭᠠᠨ ᠭᠠᠷᠭᠠᠬᠤ ᠬᠡᠮᠵᠢᠶ᠎ᠠ ᠲᠤᠷᠤᠭᠰᠢᠯᠠᠬᠤ ᠪᠤᠯᠤᠨ᠎ᠠ᠃ ᠠᠮᠸᠷᠢᠺᠠ ᠶᠢᠨ 2013 ᠤᠨ ᠳ᠋ᠤ 7ᠴᠠᠬᠢᠯᠭᠠᠨ ᠪᠦᠷ ᠤᠰᠤᠨ ᠤ ᠬᠦᠴᠦᠨ ᠢᠶᠡᠷ ᠭᠠᠷᠭᠠᠭᠰᠠᠨ ᠪᠠᠶᠢᠲᠠᠭ᠃  

    ᠠᠭᠠᠷ ᠤᠨ ᠲᠤᠯᠠᠭᠠᠨ ᠲᠡᠭᠡᠭ᠍ᠰᠢᠯᠡᠬᠦ ᠡᠴᠡ ᠬᠠᠯᠲᠠᠪᠤᠷᠢᠲᠤ ᠡᠪᠡᠳᠴᠢᠨ ᠤ ᠲᠠᠷᠬᠠᠯᠲᠠ ᠶᠢᠨ ᠵᠠᠮ ᠦᠷᠭᠡᠵᠢᠵᠦ᠂ ᠬᠦᠮᠦᠰ ᠤᠨ ᠡᠷᠡᠬᠦᠯ ᠮᠡᠨᠲᠦ ᠶᠢ ᠨᠦᠯᠦᠭᠡᠯᠡᠬᠦ ᠪᠡᠷ ᠪᠠᠷᠠᠬᠤ ᠦᠭᠡᠢ ᠬᠦᠲᠡᠯᠮᠦᠷᠢᠴᠢᠳ ᠤᠨ ᠬᠦᠲᠡᠯᠮᠦᠷᠢ ᠶᠢᠨ ᠦᠷ᠎ᠠ ᠪᠦᠲᠦᠮᠵᠢ ᠶᠢ ᠴᠤ ᠨᠦᠯᠦᠭᠡᠯᠡᠲᠡᠭ᠃

ᠢᠷᠡᠯᠳᠡ᠄ ᠯᠠᠪᠯᠠᠯᠲᠠ ᠶᠢᠨ ᠮᠡᠲᠡᠭᠡ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120912602