蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠰᠢᠨ᠎ᠠ ᠪᠡᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ ᠪᠠ ᠪᠡᠬᠢᠵᠢᠭᠦᠯᠦᠭᠰᠡᠨ ᠦᠨᠳᠦᠰᠦᠲᠡᠨ ᠤ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠲᠠᠯᠠᠪᠠᠢ 24.93 ᠲᠦᠮᠡᠨ ᠭᠦᠸᠠᠳ᠋ ᠮᠸᠲ᠋ᠷ ᠲᠤ ᠬᠦᠷᠪᠡ

2017-05-04 16:16

    5 ᠰᠠᠷ᠎ᠠ ᠶᠢᠨ 3 ᠤ ᠡᠳᠦᠷ᠂ ᠰᠤᠷᠪᠤᠯᠵᠢᠯᠠᠭᠴᠢ ᠬᠦᠬᠡᠬᠤᠲᠠ ᠶᠢᠨ ᠵᠠᠰᠠᠭ ᠤᠨ ᠤᠷᠳᠤᠨ ᠡᠴᠡ ᠬᠤᠷᠠᠯᠳᠤᠭᠤᠯᠤᠭᠰᠨ ᠬᠡᠪᠯᠡᠯ ᠮᠡᠳᠡᠭᠡᠯᠡᠯ ᠤᠨ ᠨᠡᠶᠢᠲᠡᠯᠡᠬᠦ ᠬᠤᠷᠠᠯ ᠡᠴᠡ ᠤᠶᠢᠯᠠᠭᠠᠭᠰᠠᠨ ᠢᠶᠡᠷ᠂ ᠬᠦᠬᠡᠬᠤᠲᠠ《 ᠠᠮᠤᠭᠤᠯᠠᠩ ᠰᠤᠷᠭᠠᠭᠤᠯᠢ ᠢᠨᠵᠸᠨ᠋ᠸᠷᠢᠩ》 ᠢᠶᠡᠷ ᠳᠠᠮᠵᠢᠨ᠂ ᠰᠢᠨ᠎ᠠ ᠪᠡᠷ ᠪᠠᠶᠢᠭᠤᠯᠤᠭᠰᠠᠨ᠂ ᠦᠭᠡᠷᠡᠴᠢᠯᠡᠨ ᠪᠠᠶᠢᠭᠤᠯᠤᠭᠰᠠᠨ ᠪᠠ ᠪᠡᠬᠢᠵᠢᠭᠦᠯᠦᠭᠰᠡᠨ ᠦᠨᠳᠦᠰᠦᠲᠡᠨ ᠤ ᠰᠤᠷᠭᠠᠭᠤᠯᠢ ᠶᠢᠨ ᠰᠤᠷᠤᠭᠴᠢ ᠶᠢᠨ ᠪᠠᠶᠢᠷᠢ ᠶᠢᠨ ᠲᠠᠯᠠᠪᠠᠢ 24.93 ᠲᠦᠮᠡᠨ ᠭᠦᠸᠠᠳ᠋ ᠮᠸᠲ᠋ᠷ ᠲᠤ ᠬᠦᠷᠪᠡ᠃

    ᠤᠶᠢᠯᠠᠭᠠᠭᠰᠠᠨ ᠢᠶᠡᠷ᠂ ᠰᠡᠭᠦᠯ ᠤᠨ ᠵᠢᠯ ᠤᠳ ᠲᠤ ᠬᠦᠬᠡᠬᠤᠲᠠ ᠦᠨᠳᠦᠰᠦᠲᠡᠨ ᠤ ᠰᠤᠷᠭᠠᠨ ᠬᠦᠮᠦᠵᠢᠯ ᠤᠨ ᠲᠤᠰᠬᠠᠢ ᠹᠤᠨᠳ᠋ ᠪᠠᠶᠢᠭᠤᠯᠵᠤ᠂ ᠡᠯ᠎ᠠ ᠬᠤᠰᠢᠭᠤ ᠰᠢᠶᠠᠨ᠂ ᠪᠦᠰᠡ ᠨᠤᠲᠤᠭ ᠲᠤ ᠵᠢᠯ ᠪᠦᠷᠢ ᠲᠤᠰᠬᠠᠢ ᠦᠨᠳᠦᠰᠦᠲᠡᠨ ᠤ ᠰᠤᠷᠭᠠᠨ ᠬᠦᠮᠦᠵᠢᠯ ᠤᠨ ᠵᠠᠷᠤᠳᠠᠯ ᠤᠨ ᠮᠦᠩᠭᠦ ᠲᠤᠬᠢᠷᠠᠭᠤᠯᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠦᠢᠯᠡᠰ ᠤᠨ ᠬᠦᠭ᠍ᠵᠢᠯᠲᠠ ᠶᠢ ᠳᠡᠮᠵᠢᠵᠤ ᠪᠤᠢ᠃ ᠳᠤᠲᠤᠭᠠᠳᠤ ᠪᠠᠶᠢᠷᠢ ᠶᠢᠨ ᠳᠦᠷᠢᠮᠲᠤ ᠰᠤᠷᠭᠠᠭᠤᠯᠢ ᠶᠢᠨ ᠴᠦᠬᠡᠨ ᠲᠤᠭᠠᠲᠤ ᠦᠨᠳᠦᠰᠦᠲᠡᠨ ᠤ ᠰᠤᠷᠤᠭᠴᠢᠳ ᠲᠤ ᠲᠤᠰᠠᠯᠠᠮᠵᠢ ᠶᠢᠨ ᠮᠦᠩᠭᠦ ᠤᠯᠭᠤᠬᠰᠠᠨ ᠪᠦᠭᠡᠳ ᠮᠣᠩᠭᠣᠯ ᠢᠶᠡᠷ ᠬᠢᠴᠢᠶᠡᠯᠯᠡᠵᠤ ᠪᠠᠶᠢᠭ᠎ᠠ ᠲᠡᠭᠡᠲᠤ ᠳᠤᠮᠳᠠᠳᠤ ᠶᠢᠨ ᠱᠠᠲᠤᠨ ᠳᠡᠬᠢ ᠰᠤᠷᠤᠭᠴᠢᠳ ᠡᠴᠡ ᠰᠤᠷᠤᠯᠭ᠎ᠠ ᠶᠢᠨ ᠲᠦᠯᠦᠪᠦᠷᠢ ᠬᠤᠷᠢᠶᠠᠳᠠᠭ ᠦᠭᠡᠢ᠃

    ᠡᠭᠦᠨ ᠡᠴᠡ ᠭᠠᠳᠠᠨ᠎ᠠ᠂ ᠬᠦᠬᠡᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠭᠤᠷᠢᠭ ᠲᠡᠬᠢ ᠮᠣᠩᠭᠣᠯ ᠢᠶᠡᠷ ᠬᠢᠴᠢᠶᠡᠯᠯᠡᠭᠰᠡᠨ《 ᠭᠤᠷᠪᠠᠨ ᠬᠡᠰᠡᠭ ᠬᠤᠶᠠᠷ ᠲᠤᠭᠤᠷᠢᠭ》 ᠤ᠋ᠨ ᠬᠦᠭ᠍ᠵᠢᠯᠲᠡ ᠶᠢᠨ ᠪᠦᠲᠦᠴᠡ ᠳᠤ 7 ᠮᠣᠩᠭᠣᠯ ᠢᠶᠡᠷ ᠬᠢᠴᠢᠶᠡᠯᠯᠡᠵᠤ ᠪᠠᠶᠢᠭ᠎ᠠ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠵᠢᠴᠢ ᠴᠡᠴᠡᠷᠯᠢᠭ ᠢ ᠪᠠᠭᠲᠠᠭᠠᠵᠤ᠂ 18 ᠴᠦᠬᠡᠨ ᠲᠤᠭᠠᠲᠤ ᠦᠨᠳᠦᠰᠦᠲᠡᠨ ᠤ ᠶᠡᠬᠡ ᠲᠡᠭᠡᠲᠤ ᠰᠤᠷᠭᠠᠭᠤᠯᠢ ᠶᠢᠨ ᠡᠯᠰᠡᠯᠲᠡ ᠶᠢᠨ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠪᠡᠷ ᠰᠢᠯᠭᠠᠭᠤᠯᠤᠬᠴᠢ᠂ 60 ᠶᠠᠳᠠᠭᠤ ᠬᠦᠴᠢᠷᠲᠠᠢ ᠰᠤᠷᠤᠭᠴᠢ ᠪᠤᠯᠤᠨ 171 ᠮᠣᠩᠭᠣᠯ ᠢᠶᠡᠷ ᠬᠢᠴᠢᠶᠠᠯᠯᠠᠵᠤ ᠪᠠᠶᠢᠭ᠎ᠠ ᠰᠤᠷᠤᠭᠴᠢ ᠶᠢ ᠱᠠᠩᠨᠠᠨ ᠲᠡᠳᠭᠦᠪᠡ᠃

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011100001120918487