蒙古文网站Logo
ᠰᠢᠨᠬᠤᠸᠠ ᠮᠤᠩᠭ᠋ᠤᠯ ᠨᠧᠲ

ᠪᠤᠶᠠᠨᠬᠡᠰᠢᠭ᠌ ᠫᠷᠤᠹᠸᠰᠰᠤᠷ《ᠦᠢᠯᠡᠰ ᠪᠠ ᠬᠦᠬᠡᠭᠡᠴᠡᠯᠲᠦᠯ》 ᠰᠡᠳᠦᠪ ᠤᠨ ᠲᠤᠭᠤᠷᠢᠨ ᠳ᠋ᠤ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠤᠶᠤᠲᠠᠳ ᠲᠤ ᠢᠯᠡᠳᠭᠡᠯ ᠬᠢᠪᠡ

2017-05-06 11:54

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 5 ᠰᠠᠷ᠎ᠠ ᠶᠢᠨ 5 ᠤ ᠡᠲᠦᠷ ᠤᠨ ᠴᠠᠬᠢᠯᠭᠠᠨ ᠮᠡᠲᠡᠭᠡ (ᠬ • ᠦᠵᠡᠰᠭᠦᠯᠡᠩ) 5 ᠤ ᠦᠲᠡ ᠶᠢᠨ ᠬᠤᠶᠢᠨ᠎ᠠ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠬᠢᠩᠭ᠋ᠠᠨ ᠠᠶᠢᠮᠠᠭ ᠤᠨ ᠵᠠᠯᠠᠶᠢᠳ ᠬᠤᠰᠢᠭᠤ ᠨᠤᠲᠤᠭ ᠲᠠᠢ᠂ ᠴᠢᠩᠬᠤᠸᠠ ᠶᠡᠬᠡ ᠰᠤᠷᠭᠠᠭᠤᠯᠢ ᠶᠢᠨ ᠠᠭᠠᠷ ᠰᠠᠨᠰᠠᠷ ᠤᠨ ᠲᠡᠭᠡᠳᠦ ᠰᠤᠷᠭᠠᠭᠤᠯᠢ ᠶᠢᠨ ᠫᠷᠤᠹᠸᠰᠰᠤᠷ᠂ ᠳ᠋ᠤᠺᠲ᠋ᠤᠷᠠᠨᠲ ᠤᠨ ᠵᠢᠯᠤᠭᠤᠲᠤᠭᠴᠢ᠂ ᠲᠦᠷᠦ ᠶᠢᠨ ᠭᠠᠷᠮᠠᠭᠠᠢ ᠵᠠᠯᠠᠭᠤᠴᠤᠳ ᠤᠨ ᠰᠠᠭᠤᠷᠢ ᠮᠦᠩᠬᠦᠨ ᠤ ᠱᠠᠩᠨᠠᠯ ᠬᠦᠷᠲᠡᠭᠴᠢ ᠪᠤᠶᠠᠨᠬᠡᠰᠢᠭ᠌ 《ᠦᠢᠯᠡᠰ ᠪᠠ ᠬᠦᠬᠡᠭᠡᠴᠡᠯᠲᠦᠯ》 ᠰᠡᠳᠦᠪ ᠢᠶᠡᠷ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠤᠶᠤᠲᠠᠳ ᠲᠤ ᠢᠯᠡᠳᠭᠡᠯ ᠬᠢᠪᠡ᠃

(ᠵᠢᠷᠤᠭ ᠢ ᠰᠢᠨᠬᠤᠸᠠ ᠮᠤᠩᠭ᠋ᠤᠯ ᠨᠸᠲ ᠤᠨ ᠬ • ᠦᠵᠡᠰᠭᠦᠯᠡᠩ)

    ᠪᠤᠶᠠᠨᠬᠡᠰᠢᠭ᠌ ᠫᠷᠤᠹᠸᠰᠰᠤᠷ ᠶᠡᠬᠡ ᠰᠤᠷᠭᠠᠭᠤᠯᠢ ᠳ᠋ᠤ ᠡᠯᠰᠡᠭᠲᠡᠨ ᠤᠷᠤᠭᠰᠠᠨ ᠡᠴᠡ ᠡᠬᠢᠯᠡᠨ ᠲᠤᠰᠬᠠᠢ ᠮᠡᠷᠭᠡᠵᠢᠯ ᠢᠶᠡᠨ ᠬᠡᠷᠬᠢᠨ ᠰᠤᠷᠤᠯᠴᠠᠭᠰᠠᠨ᠂ ᠲᠠᠬᠢᠨ ᠠᠭᠠᠷ ᠰᠠᠨᠰᠠᠷ ᠤᠨ ᠴᠢᠭᠯᠡᠯ ᠢᠶᠡᠷ ᠠᠰᠫᠢᠷᠠᠨᠲ ᠰᠢᠯᠭᠠᠭᠤᠯᠤᠨ ᠬᠠᠲᠠᠭᠤᠵᠢᠯᠲᠠᠢ ᠴᠢᠷᠮᠠᠶᠢᠭᠰᠠᠨ ᠦᠯᠢᠭᠡᠷ ᠦᠢᠯᠡ ᠶᠠᠪᠤᠲᠠᠯ᠂ ᠤᠲᠤ ᠶᠢᠨ ᠠᠵᠢᠯᠯᠠᠵᠤ ᠰᠤᠷᠤᠯᠴᠠᠵᠤ ᠪᠠᠶᠢᠬᠤ ᠪᠠᠶᠢᠲᠠᠯ ᠢᠶᠡᠨ ᠤᠶᠤᠲᠠᠳ ᠲᠠᠢ ᠬᠤᠪᠢᠶᠠᠯᠴᠠᠨ᠂ ᠤᠶᠤᠲᠠᠨ ᠨᠦᠬᠦᠳ ᠳ᠋ᠤ ᠬᠢᠴᠢᠶᠠᠯ ᠰᠤᠷᠤᠯᠭ᠎ᠠ ᠳ᠋ᠤ ᠪᠠᠨ ᠰᠢᠮᠲᠠᠵᠤ᠂ ᠬᠦᠰᠡᠯ ᠮᠦᠷᠦᠭᠡᠲᠦᠯ ᠢᠶᠡᠨ ᠪᠡᠶᠡᠯᠡᠬᠦᠯᠬᠦ ᠪᠡᠷ ᠰᠢᠨᠲᠠᠷᠠᠰᠢ ᠦᠭᠡᠢ ᠴᠢᠷᠮᠠᠶᠢᠨ ᠰᠤᠷᠤᠯᠴᠠᠬᠤ ᠶᠢ ᠬᠦᠰᠡᠪᠡ᠃

    ᠡᠨᠡᠬᠦ ᠠᠵᠢᠯᠯᠠᠭ᠎ᠠ ᠶᠢ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠮᠤᠩᠭ᠋ᠤᠯ ᠰᠤᠲᠤᠯᠤᠯ ᠤᠨ ᠲᠡᠭᠡᠳᠦ ᠰᠤᠷᠭᠠᠭᠤᠯᠢ ᠡᠴᠡ ᠵᠤᠬᠢᠶᠠᠨ ᠪᠠᠶᠢᠭᠤᠯᠪᠠ᠃ ᠰᠡᠬᠦᠯ ᠤᠨ ᠦᠶ᠎ᠠ ᠳ᠋ᠤ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠮᠤᠩᠭ᠋ᠤᠯ ᠰᠤᠲᠤᠯᠤᠯ ᠤᠨ ᠲᠡᠭᠡᠳᠦ ᠰᠤᠷᠭᠠᠭᠤᠯᠢ ᠡᠷᠲᠡᠮᠲᠡᠨ ᠮᠡᠷᠭᠡᠵᠢᠯᠲᠡᠨ ᠤᠷᠢᠨᠵᠤ ᠤᠶᠤᠲᠠᠳ ᠲᠠᠭᠠᠨ ᠢᠯᠡᠳᠭᠡᠯ ᠬᠢᠯᠭᠡᠨ᠂ ᠤᠶᠤᠲᠠᠳ ᠲᠤ ᠵᠦᠪ ᠵᠢᠯᠤᠭᠤᠲᠤᠮᠵᠢ ᠬᠠᠩᠭ᠋ᠠᠵᠤ᠂ ᠤᠶᠤᠲᠠᠨ ᠠᠮᠢᠲᠤᠷᠠᠯ ᠢ ᠨᠢ ᠪᠠᠶᠠᠯᠢᠭᠵᠢᠭᠤᠯᠵᠤ ᠪᠠᠶᠢᠨ᠎ᠠ᠃

    ᠰᠢᠨᠬᠤᠸᠠ ᠮᠤᠩᠭ᠋ᠤᠯ ᠨᠸᠲ ᠪᠤᠶᠠᠨᠬᠡᠰᠢᠭ᠌ ᠫᠷᠤᠹᠸᠰᠰᠤᠷ ᠤᠨ ᠲᠤᠬᠠᠢ ᠲᠡᠯᠭᠡᠷᠡᠩᠬᠦᠢ ᠮᠡᠲᠡᠭᠡᠯᠡᠯ ᠢ ᠲᠤᠩ ᠤᠲᠠᠬᠤ ᠦᠭᠡᠢ ᠲᠠ ᠪᠦᠬᠦᠨ ᠳ᠋ᠤ ᠬᠦᠷᠭᠡᠬᠦ ᠪᠤᠯᠤᠨ᠎ᠠ᠂ ᠠᠩᠬᠠ᠋ᠷᠤᠯ ᠢᠶᠡᠨ ᠬᠠᠨᠲᠤᠭᠤᠯᠤᠨ᠎ᠠ ᠤᠤ!

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
  • 26 ᠳ᠋ᠤᠭᠠᠷ ᠬᠤᠭᠤᠴᠠᠭᠠᠨ ᠤ ᠠᠯᠲᠠᠨ ᠲᠠᠬᠢᠶ᠎ᠠ ᠴᠡᠴᠡᠭᠡᠰ ᠺᠢᠨᠤ᠋ ᠨᠠᠭᠠᠳᠤᠮ ᠢ 9 ᠰᠠᠷ᠎ᠠ ᠶᠢᠨ 13 ᠡᠴᠡ 16 ᠡᠳᠦᠷ ᠪᠤᠯᠲᠠᠯ᠎ᠠ ᠬᠦᠬᠡᠬᠤᠲᠠ ᠳᠤ ᠵᠤᠬᠢᠶᠠᠨ ᠪᠠᠶᠢᠭᠤᠯᠤᠨ᠎ᠠ
关闭
010070230030000000000000011120791120928848