蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ 2017 ᠤᠨ ᠤ ᠶᠡᠬᠡ ᠲᠡᠭᠡᠳᠦ ᠰᠤᠷᠭᠠᠭᠤᠯᠢ ᠳ᠋ᠤ ᠡᠯᠰᠡᠬᠦ ᠰᠤᠷᠤᠭᠴᠢ ᠶᠢᠨ ᠲᠤᠭ᠎ᠠ ᠶᠢ ᠬᠠᠰᠤᠬᠤ ᠦᠭᠡᠢ ᠭᠡᠵᠡᠢ

2017-05-11 11:13

    ᠰᠢᠨᠬᠤᠸᠠ ᠬᠤᠷᠢᠶ᠎ᠠ   ᠪᠡᠭᠡᠵᠢᠩ ᠤᠨ 5 ᠰᠠᠷ᠎ᠠ ᠶᠢᠨ 10 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠱᠢ ᠢᠦᠢ ᠼᠸᠨ᠂ ᠸᠠᠩ ᠰᠧ ᠪᠸᠢ ) ᠰᠤᠷᠭᠠᠨ ᠬᠦᠮᠦᠵᠢᠯ ᠤᠨ ᠶᠠᠮᠤᠨ 《2017 ᠤᠨ ᠤ ᠡᠩ ᠤᠨ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠤᠷᠤᠨ ᠲᠤᠭ᠎ᠠ ᠪᠠ ᠬᠠᠮᠢᠶᠠᠷᠤᠯᠲᠠ ᠶᠢᠨ ᠠᠵᠢᠯ ᠤᠨ ᠮᠡᠲᠡᠭᠲᠡᠯ》 ᠢ ᠨᠡᠶᠢᠲᠡᠯᠡᠵᠦ᠂ 2017 ᠤᠨ ᠤ ᠶᠡᠬᠡ ᠲᠡᠭᠡᠳᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠲᠦᠯᠦᠪᠯᠡᠭᠡ ᠬᠠᠮᠢᠶᠠᠷᠤᠯᠲᠠ ᠶᠢᠨ ᠠᠵᠢᠯ ᠤᠨ ᠲᠤᠬᠠᠢ ᠪᠠᠶᠢᠷᠢᠰᠢᠯᠠᠭᠤᠯᠤᠯᠲᠠ ᠬᠢᠪᠡ᠃ ᠤᠶᠢᠯᠠᠭᠠᠭᠰᠠᠨ ᠢᠶᠡᠷ᠂ 2017 ᠤᠨ ᠳ᠋ᠤ ᠰᠢᠯᠭᠠᠭᠤᠯᠤᠭᠰᠠᠳ ᠤᠨ ᠠᠰᠢᠭ ᠲᠤᠰᠠ ᠶᠢ ᠬᠠᠮᠠᠭᠠᠯᠠᠵᠤ᠂ ᠶᠡᠬᠡ ᠲᠡᠭᠡᠳᠦ ᠰᠤᠷᠭᠠᠭᠤᠯᠢ ᠶᠢᠨ ᠡᠯᠰᠡᠯᠲᠡ ᠶᠢᠨ ᠰᠢᠯᠭᠠᠯᠲᠠ ᠪᠡᠷ ᠡᠯ᠎ᠡ ᠭᠠᠵᠠᠷ ᠡᠴᠡ ᠡᠯᠰᠡᠬᠦ ᠨᠤᠷᠮ᠎ᠠ ᠶᠢ ᠬᠠᠰᠤᠬᠤ ᠦᠭᠡᠢ ᠭᠡᠵᠡᠢ᠃

    ᠮᠡᠲᠡᠭᠲᠡᠯ ᠳ᠋ᠤ᠂ ᠭᠤᠤᠯᠲᠠᠯᠭᠠᠲᠤ ᠶᠡᠬᠡ ᠲᠡᠭᠡᠳᠤ ᠰᠤᠷᠭᠠᠭᠤᠯᠢ ᠬᠦᠲᠡᠭᠡ ᠤᠷᠤᠨ ᠨᠤᠲᠤᠭ ᠪᠠ ᠶᠠᠲᠠᠭᠤ ᠬᠦᠴᠢᠷᠲᠡᠯ ᠲᠠᠢ ᠤᠷᠤᠨ ᠡᠴᠡ ᠡᠯᠰᠡᠬᠦ ᠰᠤᠷᠤᠭᠴᠢ ᠶᠢᠨ ᠲᠤᠭ᠎ᠠ ᠪᠠᠨ ᠨᠡᠮᠡᠵᠦ᠂ ᠲᠦᠪ ᠤᠨ ᠶᠠᠮᠤᠨ ᠬᠡᠯᠲᠡᠰ ᠲᠤ ᠬᠠᠷᠢᠶᠠᠯᠠᠭᠲᠠᠬᠤ ᠶᠡᠬᠡ ᠲᠡᠭᠡᠳᠦ ᠰᠤᠷᠭᠠᠭᠤᠯᠢ ᠶᠢᠨ ᠡᠯ᠎ᠡ ᠮᠤᠵᠢ ᠡᠴᠡ ᠡᠯᠰᠡᠬᠦ ᠰᠤᠷᠤᠭᠴᠢ ᠶᠢᠨ ᠲᠤᠭ᠎ᠠ ᠪᠠᠨ ᠬᠠᠰᠤᠬᠤ ᠦᠭᠡᠢ ᠭᠡᠵᠡᠢ᠃

    ᠮᠡᠲᠡᠭᠲᠡᠯ ᠳ᠋ᠤ᠂ ᠲᠡᠭᠡᠳᠦ ᠵᠡᠷᠭᠡ  ᠶᠢᠨ ᠰᠤᠷᠭᠠᠨ ᠬᠦᠮᠦᠵᠢᠯ ᠤᠨ ᠬᠠᠮᠤᠷᠬᠤ ᠤᠷᠤᠨ ᠪᠦᠰᠡ ᠪᠠ ᠬᠤᠲᠠ ᠬᠦᠲᠡᠭᠡ ᠶᠢᠨ ᠰᠤᠷᠤᠭᠴᠢᠳ ᠤᠨ ᠰᠤᠷᠭᠠᠭᠤᠯᠢ ᠳ᠋ᠤ ᠤᠷᠤᠬᠤ ᠶᠢ ᠡᠷᠬᠡ ᠲᠡᠭ᠍ᠰᠢ ᠪᠤᠯᠭᠠᠨ᠎ᠠ ᠭᠡᠵᠡᠢ᠃ 2017 ᠤᠨ ᠳ᠋ᠤ ᠤᠯᠤᠰ ᠡᠴᠡ ᠲᠤᠮᠲᠠ ᠪᠠᠷᠠᠭᠤᠨ ᠪᠦᠰᠡ ᠤᠷᠤᠨ ᠡᠴᠡ ᠲᠡᠮᠵᠢᠨ ᠲᠤᠰᠠᠯᠠᠬᠤ ᠲᠦᠰᠦᠯ ᠢᠶᠡᠷ 28.7 ᠲᠦᠮᠡᠨ ᠰᠤᠷᠤᠭᠴᠢ ᠡᠯᠰᠡᠬᠦ ᠪᠡᠷ ᠪᠠᠶᠢᠨ᠎ᠠ᠃

    ᠮᠡᠲᠡᠭᠲᠡᠯ ᠳ᠋ᠤ᠂ ᠡᠯ᠎ᠡ ᠰᠠᠯᠠᠭ᠎ᠠ ᠮᠦᠴᠢᠷ ᠤᠨ ᠬᠢᠨ ᠲᠦᠰᠦᠯ ᠤᠨ ᠲᠠᠭᠠᠤ ᠴᠢᠩᠭ᠋᠎ᠠ ᠬᠢᠨᠠᠮᠠᠭᠠᠢ ᠠᠵᠢᠯᠯᠠᠬᠤ ᠶᠢ ᠱᠠᠭᠠᠷᠲᠠᠪᠠ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120955060