蒙古文网站Logo
ᠰᠢᠨᠬᠤᠸᠠ ᠮᠤᠩᠭ᠋ᠤᠯ ᠨᠧᠲ

ᠥᠪᠦᠷ ᠮᠣᠩ᠌ᠭᠤᠯ ᠤᠨ ᠠᠷᠠᠳ ᠤᠨ ᠰᠤᠷᠭᠠᠨ ᠬᠦᠮᠦᠵᠢᠯ ᠤᠨ ᠹᠤᠨᠳ᠋ ᠤᠨ ᠨᠡᠶᠢᠬᠡᠮᠯᠢᠭ᠌ ᠲᠤᠰᠬᠠᠢ ᠵᠦᠢᠯ ᠤᠨ ᠠᠵᠢᠯᠯᠠᠭ᠎ᠠ ᠪᠡᠷ ᠳᠠᠮᠵᠢᠨ ᠰᠤᠷᠭᠠᠨ ᠬᠦᠮᠦᠵᠢᠯ ᠢᠶᠡᠷ ᠶᠠᠳᠠᠭᠤ ᠶᠢ ᠳᠡᠳᠭᠦᠬᠦ ᠪᠡᠷ ᠪᠤᠢ

2017-05-11 17:10

    ᠰᠤᠷᠪᠤᠯᠵᠢᠯᠠᠬᠴᠢ ᠶᠢᠨ ᠤᠶᠢᠯᠠᠭᠠᠭᠰᠠᠨ ᠢᠶᠡᠷ᠂ ᠥᠨᠥ ᠵᠢᠯ᠂ ᠥᠪᠦᠷ ᠮᠣᠩ᠌ᠭᠤᠯ ᠤᠨ ᠥᠪᠡᠷᠲᠡᠬᠡᠨ ᠵᠠᠰᠠᠬᠤ ᠤᠷᠤᠨ ᠤ ᠠᠷᠠᠳ ᠤᠨ ᠰᠤᠷᠭᠠᠨ ᠬᠦᠮᠦᠵᠢᠯ ᠤᠨ ᠨᠡᠶᠢᠬᠡᠮᠯᠢᠭ᠌ 6 ᠲᠤᠰᠬᠠᠢ ᠵᠦᠢᠯ ᠤᠨ ᠲᠤᠰᠠᠯᠠᠬᠤ ᠠᠵᠢᠯᠯᠠᠭ᠎ᠠ ᠦᠷᠨᠢᠭᠦᠯᠵᠤ᠂ ᠰᠤᠷᠭᠠᠨ ᠬᠦᠮᠦᠵᠢᠯ ᠢᠶᠡᠷ ᠶᠠᠳᠠᠭᠤ ᠶᠢ ᠳᠡᠳᠭᠦᠬᠦ ᠂ ᠶᠠᠳᠠᠭᠤ ᠬᠦᠴᠢᠷᠳᠡᠯᠲᠡᠢ ᠪᠦᠰᠡ ᠨᠤᠲᠤᠭ ᠤᠨ ᠰᠤᠷᠭᠠᠨ ᠬᠦᠮᠦᠵᠢᠯ ᠤᠨ ᠬᠢᠷᠢ ᠲᠦᠪᠰᠢᠨ ᠢ ᠬᠠᠪᠰᠤᠷᠤᠨ ᠳᠡᠭᠡᠭ᠍ᠰᠢᠯᠡᠭᠦᠯᠭᠦ  ᠪᠡᠷ ᠪᠤᠢ᠃

    6 ᠲᠤᠰᠬᠠᠢ ᠵᠦᠢᠯ ᠤᠨ ᠠᠵᠢᠯᠯᠠᠭ᠎ᠠ ᠨᠢ ᠭᠤᠤᠯᠳᠠᠭᠤ᠄ ᠶᠠᠳᠠᠭᠤ ᠬᠦᠴᠢᠷᠳᠡᠯᠲᠡᠢ ᠪᠦᠰᠡ ᠨᠤᠲᠤᠭ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠦᠨ ᠳ᠋ᠡᠬᠢ 20 ᠡᠴᠡ ᠳᠡᠭᠡᠭ᠍ᠰᠢ ᠰᠤᠷᠭᠠᠭᠤᠯᠢ ᠳᠤ 《ᠠᠳᠠᠯᠢ ᠰᠤᠪᠠᠬ》 ᠢᠶᠡᠷ ᠬᠢᠴᠢᠶᠡᠯᠯᠡᠬᠦ ᠬᠡᠷ ᠪᠠᠶᠢᠭᠤᠯᠤᠨ᠎ᠠ᠂ ᠰᠤᠷᠭᠠᠭᠤᠯᠢ ᠪᠦᠷᠢ ᠶᠢ 6 ᠲᠦᠮᠡᠨ ᠲᠦᠭᠦᠷᠢᠭ᠌ ᠢᠶᠡᠷ ᠳᠡᠮᠵᠢᠬᠦ ᠪᠦᠭᠡᠳ 1- 2 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ 50 ᠡᠴᠡ ᠳᠡᠭᠡᠭ᠍ᠰᠢ ᠰᠤᠷᠭᠠᠭᠤᠯᠢ ᠳᠤ ᠬᠢᠨᠡᠨ ᠡᠵᠡᠮᠰᠢᠬᠦ ᠲᠦᠬᠦᠭᠡᠷᠦᠮᠵᠢ ᠤᠬᠰᠠᠷᠠᠬᠤ ᠪᠠ ᠳᠡᠭᠡᠭ᠍ᠰᠢᠯᠡᠯᠲᠠ ᠰᠢᠨᠠᠴᠢᠯᠡᠯᠡᠲᠠ ᠬᠢᠨ᠎ᠠ ;ᠶᠠᠳᠠᠭᠤ ᠬᠦᠴᠢᠷᠳᠡᠯᠲᠡᠢ ᠪᠦᠰᠡ ᠨᠤᠲᠤᠭ ᠤᠨ ᠬᠦᠴᠢᠷᠳᠡᠯᠳᠡᠢ ᠬᠤᠴᠤᠷᠤᠡᠭᠭᠤᠢ ᠰᠤᠷᠭᠠᠭᠤᠯᠢ ᠳᠤ ᠴᠢᠭᠯᠡᠬᠦᠯᠦᠨ ᠪᠠᠬᠰᠢ ᠶᠢᠨ ᠬᠢᠷᠢ ᠬᠡᠮ ᠤᠨ ᠳᠠᠰᠬᠠᠯᠵᠢᠭᠤᠯᠤᠯᠲᠠ ᠬᠢᠨ᠎ᠠ᠂ ᠨᠡᠷᠡᠲᠤ ᠰᠤᠷᠭᠠᠭᠤᠯᠢ ᠶᠢᠨ ᠡᠬᠢ ᠪᠠᠶᠠᠯᠢᠭ ᠢ ᠠᠰᠢᠬᠯᠠᠬᠤ ᠪᠤᠯᠤᠨ ᠬᠦᠭ᠍ᠵᠢᠭᠰᠡᠨ ᠪᠦᠰᠡ ᠨᠤᠲᠤᠭ ᠲᠠᠢ ᠬᠠᠮᠳᠤᠷᠠᠯᠴᠠᠬᠤ ᠪᠡᠷ ᠳᠠᠮᠵᠢᠨ ᠪᠠᠬᠰᠢ ᠶᠢᠨ ᠬᠢᠷᠢ ᠬᠡᠮ ᠤᠨ ᠳᠠᠰᠬᠠᠯᠵᠢᠭᠤᠯᠤᠯᠲᠠ ᠬᠢᠬᠦ ᠪᠠ ᠪᠠᠬᠰᠢ ᠬᠦᠮᠦᠵᠢᠬᠦᠯᠵᠤ᠂ ᠥᠨᠥ ᠵᠢᠯ ᠡᠴᠡ ᠡᠬᠢᠯᠡᠨ ᠵᠢᠯ ᠪᠤᠯᠭᠠᠨ ᠨᠢᠬᠡ ᠬᠤᠭᠤᠴᠠᠭᠠᠨ ᠤ ᠶᠠᠳᠠᠭᠤ ᠬᠦᠴᠢᠷᠳᠡᠯᠲᠡᠢ ᠪᠦᠰᠡ ᠨᠤᠲᠤᠭ ᠤᠨ ᠬᠦᠴᠢᠷᠳᠡᠯᠳᠡᠢ ᠬᠤᠴᠤᠷᠤᠡᠭᠭᠤᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠦᠯ ᠤᠨ ᠳᠠᠰᠬᠠᠯᠵᠢᠭᠤᠯᠤᠯᠲᠠ ᠶᠢᠨ ᠠᠩᠬᠢ ᠵᠤᠬᠢᠶᠠᠨ ᠪᠠᠶᠢᠭᠤᠯᠤᠭᠠᠳ᠂ ᠬᠦᠴᠢᠷᠳᠡᠯᠳᠡᠢ ᠬᠤᠴᠤᠷᠤᠡᠭᠭᠤᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠵᠠᠬᠢᠷᠦᠯ ᠂ ᠪᠠᠬᠰᠢ ᠨᠡᠷ ᠤᠨ ᠬᠢᠷᠢ ᠬᠡᠮ  ᠢ ᠳᠡᠭᠰᠢᠯᠡᠬᠦᠯᠦᠨ᠎ᠠ ; ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠨ᠎ᠠ᠂ 2-3 ᠲᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠲᠠ ᠶᠢ ᠳᠡᠮᠵᠢᠵᠤ᠂ 2020 ᠤᠨ ᠪᠤᠯᠬᠤ ᠳᠤ ᠨᠡᠶᠢᠲᠡ 10 ᠤᠷᠴᠢᠮ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠤᠷᠠᠭ ᠵᠠᠩᠭᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠡᠷ ᠲᠦᠯᠦᠪᠯᠡᠵᠦ ᠪᠤᠢ ; ᠶᠠᠳᠠᠭᠤ ᠬᠦᠴᠢᠷᠳᠡᠯᠲᠠᠢ ᠬᠦᠳᠡᠭᠡ ᠲᠤᠰᠬᠤᠨ ᠤ 10 ᠲᠤᠮᠲᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠤᠷ (ᠤᠷᠳᠤᠨ) ᠤᠨ ᠪᠦᠲᠦᠭᠡᠨ ᠪᠠᠶᠢᠭᠤᠯᠤᠯᠲᠠ ᠪᠠ ᠦᠭᠡᠷᠡᠴᠢᠯᠡᠯᠲᠡ ᠶᠢᠨ ᠠᠵᠢᠯ ᠢ ᠳᠡᠮᠵᠢᠨ᠎ᠠ ;ᠰᠤᠷᠭᠠᠨ ᠬᠦᠮᠦᠵᠢᠯ ᠤᠨ ᠲᠢᠩᠬᠢᠮ ᠵᠡᠷᠭᠡ ᠰᠠᠯᠠᠭ᠎ᠠ ᠮᠦᠴᠢᠷ ᠲᠠᠢ ᠬᠠᠮᠳᠤᠷᠠᠨ ᠬᠦᠳᠡᠭᠡ ᠲᠤᠰᠬᠤᠨ ᠤ ᠰᠢᠯᠢᠳᠡᠭ ᠪᠠᠭᠰᠢ ᠨᠠᠷ ᠢ ᠬᠦᠬᠢᠭᠦᠯᠦᠨ ᠱᠠᠩᠨᠠᠬᠤ ᠠᠵᠢᠯᠯᠠᠭ᠎ᠠ ᠢᠢ ᠢᠳᠡᠪᠬᠢᠲᠠᠢ ᠦᠷᠨᠢᠬᠦᠯᠵᠤ᠂ ᠪᠠᠭᠰᠢ ᠶᠢ ᠬᠦᠨᠳᠦᠳᠭᠡᠨ ᠰᠤᠷᠭᠠᠨ ᠬᠦᠮᠦᠵᠢᠯ ᠢ ᠡᠷᠬᠢᠮᠯᠡᠬᠦ ᠰᠠᠶᠢᠨ ᠰᠠᠶᠢᠬᠠᠨ ᠠᠭᠤᠷ ᠠᠮᠢᠰᠬᠤᠯ ᠪᠤᠢ ᠪᠤᠯᠭᠠᠬᠤ ᠶᠢ ᠠᠬᠢᠭᠤᠯᠤᠨ᠎ᠠ ;ᠨᠡᠶᠢᠭᠡᠮ ᠤᠨ ᠬᠦᠴᠦᠨ ᠢ ᠨᠢᠬᠳᠠᠷᠠᠭᠤᠯᠵᠦ᠂ ᠤᠠᠴᠠ ᠬᠦᠴᠢᠷᠲᠡᠯᠲᠠᠢ ᠰᠤᠷᠭᠠᠭᠤᠯᠢ ᠪᠠ ᠪᠠᠭᠰᠢ ᠶᠢ ᠲᠤᠰᠠᠯᠠᠬᠤ ᠠᠵᠢᠯᠯᠠᠭ᠎ᠠ ᠶᠢ ᠤᠷᠲᠤ ᠬᠤᠭᠤᠴᠠᠭ᠎ᠠ ᠦᠷᠨᠢᠭᠦᠯᠦᠨ᠎ᠠ᠃ 

    ᠤᠶᠢᠯᠠᠭᠠᠬᠰᠠᠨ ᠢᠶᠡᠷ᠂ ᠦᠪᠦᠷ ᠮᠤᠩᠭ᠋ᠣᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠰᠤᠷᠭᠠᠨ ᠬᠦᠮᠦᠵᠢᠯ ᠤᠨ ᠹᠤᠨᠳ᠋ ᠤᠨ ᠨᠡᠶᠢᠬᠡᠮᠯᠢᠭ᠌ 1992 ᠤᠨ ᠤ 3 ᠳ᠋ᠤᠭᠠᠷ ᠰᠠᠷ᠎ᠠ ᠳᠤ ᠪᠠᠶᠢᠭᠤᠯᠤᠭᠳᠠᠵᠤ᠂ ᠦᠷᠭᠡᠨ ᠬᠡᠪᠴᠢᠶ᠎ᠡ ᠪᠡᠷ ᠪᠡᠯᠡ ᠮᠦᠩᠬᠦ ᠬᠤᠷᠠᠮᠳᠠᠭᠤᠯᠬᠤ ᠪᠠ ᠰᠤᠷᠭᠠᠨ ᠬᠦᠮᠦᠵᠢᠯ ᠤᠨ ᠠᠵᠤ ᠦᠢᠯᠡᠰ ᠢ ᠳᠡᠮᠵᠢᠬᠦ ᠠᠵᠢᠯᠯᠠᠭ᠎ᠠ ᠦᠷᠨᠢᠭᠦᠯᠦᠨ᠂ ᠨᠡᠶᠢᠭᠡᠮ ᠤᠨ ᠡᠯ᠎ᠡ ᠡᠲᠡᠭᠡᠳ ᠡᠴᠡ ᠦᠪᠦᠷ ᠮᠣᠩᠭᠣᠯ ᠤᠨ ᠰᠤᠷᠭᠠᠨ ᠬᠦᠮᠦᠵᠢᠯ ᠤᠨ ᠠᠵᠤ ᠦᠢᠯᠡᠰ ᠢ ᠬᠠᠯᠠᠮᠵᠢᠯᠠᠬᠤ ᠪᠠ ᠳᠡᠮᠵᠢᠬᠦ ᠶᠢ ᠠᠬᠢᠭᠤᠯᠵᠤ ᠪᠠᠶᠢᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120957345