蒙古文网站Logo
ᠰᠢᠨᠬᠤᠸᠠ ᠮᠤᠩᠭ᠋ᠤᠯ ᠨᠧᠲ

2017 ᠤᠨ ᠤ ᠠᠳᠠᠯᠢ ᠳᠡᠰ ᠤᠨ ᠰᠤᠷᠤᠯᠭ᠎ᠠ ᠶᠢᠨ ᠬᠢᠷᠢ ᠬᠡᠮ ᠤᠨ ᠰᠢᠯᠭᠠᠭᠰᠠᠳ ᠤᠨ ᠤᠯᠤᠰ ᠳᠠᠶᠠᠭᠠᠷ ᠤᠨ ᠨᠢᠭᠡᠲᠦᠯᠲᠡᠢ ᠰᠢᠯᠭᠠᠯᠲᠠ 21 ᠤ ᠡᠳᠦᠷ ᠶᠠᠪᠤᠭᠳᠠᠨ᠎ᠠ

2017-05-12 16:02

    ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠠᠯᠪᠠᠨ ᠤ ᠮᠡᠳᠡᠬᠡ ᠶᠢ ᠦᠨᠳᠦᠰᠦᠯᠡᠪᠡᠯ᠂ 2017 ᠤᠨ ᠤ ᠠᠳᠠᠯᠢ ᠳᠡᠰ ᠤᠨ ᠰᠤᠷᠤᠯᠭ᠎ᠠ ᠶᠢᠨ ᠬᠢᠷᠢ ᠬᠡᠮ ᠤᠨ ᠰᠢᠯᠭᠠᠭᠰᠠᠳ ᠤᠨ ᠮᠠᠬᠢᠰᠲ᠋ᠷ ᠴᠤᠯᠠ ᠬᠠᠮᠠᠭᠠᠯᠠᠬᠤ ᠭᠠᠳᠠᠭᠠᠲᠤ ᠬᠡᠯᠡᠨ ᠤ ᠰᠢᠯᠭᠠᠯᠲᠠ ᠶᠢᠨ ᠬᠢᠷᠢ ᠬᠡᠮ ᠪᠠ ᠶᠡᠷᠦᠩᠬᠡᠶᠢᠯᠡᠭᠰᠡᠨ ᠬᠢᠴᠢᠶᠡᠯ ᠳᠦᠷᠦᠯ ᠤᠨ ᠬᠢᠷᠢ ᠬᠡᠮ ᠤᠨ ᠤᠯᠤᠰ ᠳᠠᠶᠠᠭᠠᠷ ᠤᠨ ᠨᠢᠭᠡᠲᠦᠯᠲᠡᠢ ᠰᠢᠯᠭᠠᠯᠲᠠ 5 ᠰᠠᠷ᠎ᠠ ᠶᠢᠨ 21 ᠤ ᠡᠳᠦᠷ ᠶᠠᠪᠤᠭᠳᠠᠬᠤ ᠪᠡᠷ ᠪᠤᠢ᠃

    ᠰᠢᠯᠭᠠᠯᠲᠠ ᠶᠢᠨ ᠴᠠᠭ ᠪᠠ ᠰᠢᠯᠭᠠᠯᠲᠠ ᠶᠢᠨ ᠬᠢᠴᠢᠶᠡᠯ ᠲᠦᠷᠦᠯ ᠤᠨ ᠲᠤᠬᠢᠷᠠᠭᠤᠯᠤᠯᠲᠠ ᠨᠢ ᠳᠤᠤᠷᠠᠬᠢ ᠮᠡᠲᠦ᠄ 5 ᠰᠠᠷ᠎ᠠ ᠶᠢᠨ 21 ᠤ ᠡᠳᠦᠷ ᠤᠨ 9᠄00 ᠴᠠᠭ ᠡᠴᠡ 11᠄30 ᠴᠠᠭ ᠪᠤᠯᠲᠠᠯ᠎ᠠ ᠭᠠᠳᠠᠭᠠᠲᠤ ᠬᠡᠯᠡᠨ ᠤ ᠬᠢᠷᠢ ᠬᠡᠮ ᠤᠨ ᠰᠢᠯᠭᠠᠯᠲᠠ᠂ 14᠄30 ᠴᠠᠭ ᠡᠴᠡ 17᠄30 ᠴᠠᠭ ᠪᠤᠯᠲᠠᠯ᠎ᠠ ᠶᠡᠷᠦᠩᠬᠡᠶᠢᠯᠡᠭᠰᠡᠨ ᠬᠢᠴᠢᠶᠡᠯ ᠳᠦᠷᠦᠯ ᠤᠨ ᠬᠢᠷᠢ ᠬᠡᠮ ᠤᠨ ᠰᠢᠯᠭᠠᠯᠲᠠ ᠶᠠᠪᠤᠭᠳᠠᠨ᠎ᠠ᠃

    2017 ᠤᠨ ᠤ  ᠠᠳᠠᠯᠢ ᠳᠡᠰ ᠤᠨ ᠰᠤᠷᠤᠯᠭ᠎ᠠ ᠶᠢᠨ ᠬᠢᠷᠢ ᠬᠡᠮ ᠤᠨ ᠰᠢᠯᠭᠠᠭᠰᠠᠳ ᠤᠨ ᠤᠯᠤᠰ ᠳᠠᠶᠠᠭᠠᠷ ᠤᠨ ᠨᠢᠭᠡᠲᠦᠯᠲᠡᠢ ᠰᠢᠯᠭᠠᠯᠲᠠ ᠶᠢᠨ ᠨᠡᠷ᠎ᠡ ᠮᠡᠳᠡᠭᠦᠯᠦᠯᠲᠡ᠂ ᠰᠢᠯᠭᠠᠯᠲᠠ ᠶᠢᠨ ᠶᠠᠪᠤᠳᠠᠯ ᠤᠨ ᠵᠤᠬᠢᠶᠠᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ《ᠤᠯᠤᠰ ᠳᠠᠶᠠᠭᠠᠷ ᠤᠨ ᠠᠳᠠᠯᠢ ᠳᠡᠰ ᠤᠨ ᠰᠤᠷᠤᠯᠭ᠎ᠠ ᠶᠢᠨ ᠬᠢᠷᠢ ᠬᠡᠮ ᠤᠨ ᠰᠢᠯᠭᠠᠭᠰᠠᠳ ᠤᠨ ᠮᠠᠬᠢᠰᠲ᠋ᠷ ᠴᠤᠯᠠ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠤᠨ ᠰᠤᠷᠠᠭ ᠵᠠᠩᠭᠢ ᠶᠢᠨ ᠲᠠᠪᠴᠠᠩ》(ᠲᠤᠤᠷ᠎ᠠ ᠰᠤᠷᠠᠭ ᠵᠠᠩᠭᠢ ᠶᠢᠨ ᠲᠠᠪᠴᠠᠩ ᠭᠡᠵᠦ ᠲᠤᠪᠴᠢᠯᠠᠨ᠎ᠠ) ᠢ᠋ᠶᠡᠷ ᠳᠠᠮᠵᠢᠨ ᠶᠠᠪᠤᠭᠳᠠᠨ᠎ᠠ᠃ ᠰᠤᠷᠠᠭ ᠵᠠᠩᠭᠢ ᠶᠢᠨ ᠲᠠᠪᠴᠠᠩ ᠨᠢ 5 ᠰᠠᠷ᠎ᠠ ᠶᠢᠨ 15 ᠤ ᠡᠳᠦᠷ ᠡᠴᠡ ᠡᠬᠢᠯᠡᠨ ᠰᠢᠯᠭᠠᠭᠤᠯᠬᠤ ᠦᠨᠡᠮᠯᠡᠯ ᠪᠠᠭᠤᠯᠭᠠᠬᠤ ᠴᠢᠳᠠᠮᠵᠢ ᠨᠡᠭᠡᠭᠡᠨ᠎ᠡ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120701120963526