蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ ᠡᠯ᠎ᠡ ᠭᠠᠵᠠᠷ ᠤᠨ ᠬᠢᠨ ᠢ ᠦᠷᠭᠡᠨ ᠬᠡᠪᠴᠢᠶ᠎ᠠ ᠲᠠᠢ ᠦᠨᠳᠦᠷ ᠲᠤᠮᠲᠠᠲᠤ ᠰᠤᠷᠭᠠᠭᠤᠯᠢ ᠪᠠᠶᠢᠭᠤᠯᠬᠤ ᠡᠴᠡ ᠲᠠᠲᠠᠭᠠᠯᠵᠠᠬᠤ ᠶᠢ ᠱᠠᠭᠠᠷᠲᠠᠪᠠ

2017-05-15 17:20

    ᠰᠢᠨᠬᠤᠸᠠ ᠬᠤᠷᠢᠶ᠎ᠠ   ᠪᠡᠭᠡᠵᠢᠩ ᠤᠨ 5 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠱᠢ ᠢᠦᠢ ᠼᠸᠨ ) 12 ᠤᠨ ᠡᠲᠦᠷ᠂ ᠰᠤᠷᠭᠠᠨ ᠬᠦᠮᠦᠵᠢᠯ ᠤᠨ ᠶᠠᠮᠤᠨ 2017 ᠤᠨ ᠤ ᠦᠨᠳᠦᠷ ᠵᠡᠷᠭᠡ ᠶᠢᠨ ᠲᠤᠮᠲᠠᠲᠤ ᠰᠤᠷᠭᠠᠭᠤᠯᠢ ᠶᠢᠨ ᠰᠤᠷᠤᠭᠴᠢ ᠡᠯᠰᠡᠬᠦ ᠠᠵᠢᠯ ᠤᠨ ᠲᠤᠬᠠᠢ ᠮᠡᠲᠡᠭᠲᠡᠯ ᠨᠡᠶᠢᠲᠡᠯᠡᠵᠦ᠂ ᠡᠯ᠎ᠡ ᠭᠠᠵᠠᠷ ᠤᠨ ᠬᠢᠨ ᠢ ᠦᠷᠭᠡᠨ ᠬᠡᠪᠴᠢᠶ᠎ᠠ ᠲᠠᠢ ᠦᠨᠳᠦᠷ ᠵᠡᠷᠭᠡ  ᠶᠢᠨ ᠲᠤᠮᠲᠠᠲᠤ ᠰᠤᠷᠭᠠᠭᠤᠯᠢ ᠪᠠᠶᠢᠭᠤᠯᠬᠤ ᠡᠴᠡ ᠲᠠᠲᠠᠭᠠᠯᠵᠠᠬᠤ ᠶᠢ ᠱᠠᠭᠠᠷᠲᠠᠵᠤ᠂ ᠠᠩᠬᠢ ᠨᠢᠭᠡᠴᠡ ᠳ᠋ᠤ ᠰᠤᠷᠤᠭᠴᠢ ᠤᠯᠠᠨ ᠪᠠᠶᠢᠬᠤ ᠠᠰᠠᠭᠤᠲᠠᠯ ᠢ ᠰᠢᠢᠳᠪᠦᠷᠢᠯᠡᠬᠦ᠂ ᠬᠢᠴᠢᠶᠠᠯ ᠰᠤᠩᠭ᠋ᠤᠨ ᠠᠩᠬᠢ ᠰᠢᠯᠵᠢᠬᠦ ᠵᠢᠭᠠᠨ ᠰᠤᠷᠭᠠᠯᠲᠠ ᠶᠢᠨ ᠠᠷᠭ᠎ᠠ ᠶᠢᠨ ᠲᠦᠭᠡᠮᠡᠯᠵᠢᠬᠦᠯᠦᠯᠲᠡ ᠪᠠ ᠰᠢᠨ᠎ᠡ ᠬᠢᠴᠢᠶᠠᠯ ᠤᠨ ᠦᠭᠡᠷᠡᠴᠢᠯᠡᠯᠲᠡ ᠳ᠋ᠤ ᠲᠤᠬᠢᠲᠠᠢ ᠤᠷᠴᠢᠨ ᠢ ᠪᠤᠢ ᠪᠤᠯᠭᠠᠨ᠎ᠠ᠃

    ᠮᠡᠲᠡᠭᠲᠡᠯ ᠳ᠋ᠤ᠂ ᠡᠯ᠎ᠡ ᠱᠠᠲᠤᠨ ᠤ ᠦᠨᠳᠦᠷ ᠵᠡᠷᠭᠡ ᠶᠢᠨ ᠲᠤᠮᠲᠠᠲᠤ ᠰᠤᠷᠭᠠᠭᠤᠯᠢ ᠡᠯᠰᠡᠬᠦ ᠰᠤᠷᠤᠭᠴᠢ ᠶᠢᠨ ᠲᠤᠭ᠎ᠠ ᠪᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠴᠢᠩᠭ᠋᠎ᠠ ᠲᠤᠤᠱᠲᠠᠢ ᠬᠡᠷᠡᠭᠵᠢᠬᠦᠯᠬᠦ ᠬᠡᠷᠡᠭᠲᠡᠢ᠃ ᠴᠢᠨᠠᠷ ᠰᠠᠶᠢᠲᠠᠢ ᠦᠨᠳᠦᠷ ᠲᠤᠮᠲᠠᠲᠤ ᠰᠤᠷᠭᠠᠭᠤᠯᠢ  ᠡᠯᠰᠡᠬᠦ ᠰᠤᠷᠤᠭᠴᠢ ᠶᠢᠨ ᠲᠤᠭ᠎ᠠ ᠪᠠᠨ ᠤᠷᠤᠨ ᠪᠦᠰᠨ ᠬᠤᠪᠢᠶᠠᠨ ᠲᠤᠬᠢᠷᠠᠮᠵᠢᠲᠠᠢ ᠲᠤᠬᠢᠷᠠᠭᠤᠯᠵᠤ᠂ ᠬᠦᠲᠡᠭᠡ ᠤᠷᠤᠨ ᠨᠤᠲᠤᠭ ᠤᠨ ᠠᠩᠬ᠎᠎ᠠ ᠲᠤᠮᠲᠠᠲᠤ ᠶᠢᠨ ᠰᠤᠷᠤᠭᠴᠢ ᠳ᠋ᠤ ᠬᠠᠨᠲᠤᠯᠭ᠎ᠠ ᠲᠠᠢ ᠪᠡᠷ ᠡᠯᠰᠡᠵᠦ ᠪᠤᠯᠤᠨ᠎ᠠ ᠭᠡᠵᠡᠢ᠃

    ᠮᠡᠲᠡᠭᠲᠡᠯ ᠳ᠋ᠤ᠂ ᠬᠤᠲᠠ ᠤᠷᠤᠭᠰᠠᠨ ᠬᠦᠯᠦᠰᠦᠨ ᠠᠵᠢᠯᠴᠢᠨ ᠤ ᠦᠷ᠎ᠠ ᠬᠡᠦᠬᠡᠳ᠂ ᠬᠦᠭ᠍ᠵᠢᠯ ᠤᠨ ᠪᠡᠷᠬᠡᠰᠢᠶᠡᠯ ᠲᠠᠢ ᠰᠤᠷᠤᠭᠴᠢ᠂ ᠠᠮᠢᠲᠤᠷᠠᠯ ᠨᠢ ᠬᠦᠴᠢᠷᠲᠡᠯ ᠲᠠᠢ ᠰᠤᠷᠤᠭᠴᠢ ᠶᠢᠨ ᠦᠨᠳᠦᠷ ᠲᠤᠮᠲᠠᠲᠤ ᠰᠤᠷᠭᠠᠭᠤᠯᠢ ᠳ᠋ᠤ ᠤᠷᠤᠬᠤ ᠠᠰᠠᠭᠤᠲᠠᠯ ᠢ ᠨᠠᠶᠢᠲᠠᠪᠤᠷᠢᠵᠢᠭᠤᠯᠤᠨ ᠲᠡᠬᠦᠯᠲᠡᠷᠵᠢᠬᠦᠯᠬᠦ ᠬᠡᠷᠡᠭᠲᠡᠢ ᠭᠡᠵᠡᠢ᠃

    ᠮᠡᠲᠡᠭᠲᠡᠯ ᠳ᠋ᠤ᠂ ᠬᠤᠪᠢ ᠨᠡᠮᠡᠬᠦ ᠲᠦᠷᠢᠮ ᠢ ᠲᠦᠷᠢᠮᠵᠢᠬᠦᠯᠵᠦ᠂ ᠲᠦᠷᠢᠮ ᠡᠴᠡ ᠭᠠᠲᠠᠭᠤᠷ ᠤᠷᠤᠨ ᠪᠦᠰᠡ ᠠᠯᠤᠰᠯᠠᠨ ᠰᠤᠷᠤᠭᠴᠢ ᠡᠯᠰᠡᠬᠦ᠂ ᠠᠷᠠᠳ ᠡᠴᠡ ᠡᠷᠬᠢᠯᠡᠭᠰᠡᠨ ᠰᠤᠷᠭᠠᠭᠤᠯᠢ ᠶᠢᠨ ᠨᠡᠷ᠎ᠡ ᠪᠡᠷ ᠰᠤᠷᠤᠭᠴᠢ ᠡᠯᠰᠡᠬᠦ ᠵᠡᠷᠭᠡ ᠲᠦᠷᠢᠮ ᠵᠦᠷᠢᠴᠡᠨ ᠰᠤᠷᠤᠭᠴᠢ ᠡᠯᠰᠡᠬᠦ ᠠᠵᠢᠯᠯᠠᠭ᠎ᠠ ᠡᠴᠡ ᠲᠠᠲᠠᠭᠠᠯᠵᠠᠬᠤ ᠬᠡᠷᠡᠭᠲᠡᠢ ᠭᠡᠵᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011120791120975810