蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠲᠤᠭᠠᠴᠢᠯᠠᠭᠰᠠᠨ ᠨᠤᠮ ᠤᠨ ᠰᠠᠩ ᠠᠰᠢᠭᠯᠠᠯᠲᠠ ᠳ᠋ᠤ ᠤᠷᠤᠪᠠ

2017-05-17 17:26

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 5 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ (ᠬ ᠦᠵᠡᠰᠭᠦᠯᠡᠩ ) 17 ᠤ ᠦᠲᠡ ᠶᠢᠨ ᠡᠮᠦᠨ᠎ᠡ᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠮᠤᠩᠭ᠋ᠤᠯ ᠲᠤᠭᠠᠴᠢᠯᠠᠭᠰᠠᠨ ᠨᠤᠮ ᠤᠨ ᠰᠠᠩ ᠤᠨ ᠨᠡᠬᠡᠬᠡᠯᠲᠡ ᠪᠠ ᠪᠤᠭᠤᠲᠤ ᠬᠤᠲᠠ ᠲᠠᠢ ᠬᠠᠮᠲᠤᠪᠡᠷ ᠪᠠᠶᠢᠭᠤᠯᠵᠤ ᠬᠠᠮᠲᠤᠪᠡᠷ ᠠᠰᠢᠭᠯᠠᠬᠤ ᠢᠨᠵᠸᠨ᠋ᠸᠷᠢᠩ ᠤᠨ ᠨᠡᠬᠡᠬᠡᠯᠲᠡ ᠶᠢᠨ ᠠᠵᠢᠯᠯᠠᠭ᠎᠎ᠠ ᠦᠪᠦᠷ ᠮᠤᠩᠭ᠋ᠤᠯ ᠤᠨ ᠶᠡᠬᠡ ᠰᠤᠷᠭᠠᠭᠤᠯᠢ ᠳ᠋ᠤ ᠶᠠᠪᠤᠭᠲᠠᠪᠠ᠃

    ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠨᠤᠮ ᠤᠨ ᠰᠠᠩ ᠳ᠋ᠤ ᠬᠠᠲᠠᠭᠠᠯᠠᠭᠲᠠᠵᠤ ᠪᠦᠬᠦᠢ ᠮᠤᠩᠭ᠋ᠤᠯ ᠰᠤᠷᠪᠤᠯᠵᠢ ᠪᠢᠴᠢᠭ᠌ ᠢ ᠰᠠᠶᠢᠲᠦᠷ ᠨᠡᠬᠡᠬᠡᠨ ᠠᠰᠢᠭᠯᠠᠵᠤ ᠮᠤᠩᠭ᠋ᠤᠯ ᠰᠤᠷᠪᠤᠯᠵᠢ ᠪᠢᠴᠢᠭ᠌ ᠤᠨ ᠲᠤᠭᠠᠴᠢᠯᠠᠯᠲᠠ ᠶᠢ ᠠᠬᠢᠭᠤᠯᠬᠤ ᠪᠡᠷ᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠨᠤᠮ ᠤᠨ ᠰᠠᠩ 2009 ᠤᠨ ᠡᠴᠡ ᠡᠬᠢᠯᠡᠨ ᠬᠠᠲᠠᠭᠠᠯᠠᠭᠲᠠᠵᠤ ᠪᠦᠬᠦᠢ 10000 ᠭᠠᠷᠤᠢ ᠮᠤᠩᠭ᠋ᠤᠯ ᠨᠤᠮ ᠪᠢᠴᠢᠭ᠌ ᠲᠤ ᠲᠤᠭᠠᠴᠢᠯᠠᠯᠲᠠ ᠬᠢᠵᠦ᠂ ᠠᠯᠢᠪᠠ ᠰᠤᠷᠪᠤᠯᠵᠢ ᠪᠢᠴᠢᠭ᠌ ᠤᠨ ᠬᠠᠮᠢᠶᠠᠷᠤᠯᠲᠠ ᠶᠢᠨ ᠬᠤᠷᠠᠮᠠᠯ ᠰᠢᠰᠲ᠋ᠸᠮ᠂ ᠰᠠᠩ ᠳ᠋ᠤ ᠬᠠᠲᠠᠭᠠᠯᠠᠭᠲᠠᠵᠤ ᠪᠠᠶᠢᠭ᠎ᠠ ᠤᠲᠤ ᠦᠶ᠎ᠠ ᠶᠢᠨ ᠮᠤᠩᠭ᠋ᠤᠯ ᠰᠤᠷᠪᠤᠯᠵᠢ ᠪᠢᠴᠢᠭ᠌ ᠤᠨ ᠪᠦᠬᠦ ᠠᠭᠤᠯᠭ᠎ᠠ ᠶᠢᠨ ᠳ᠋ᠠᠶᠢᠲ᠋ᠠ ᠬᠦᠮᠦᠷᠭᠡ᠂ ᠰᠠᠩ ᠳ᠋ᠤ ᠬᠠᠲᠠᠭᠠᠯᠠᠭᠲᠠᠵᠤ ᠪᠠᠶᠢᠭ᠎ᠠ ᠡᠷᠲᠡᠨ ᠤ ᠮᠤᠩᠭ᠋ᠤᠯ ᠨᠤᠮ ᠪᠢᠴᠢᠭ᠌ ᠵᠢᠴᠢ ᠭᠠᠨᠵᠤᠤᠷ ᠤᠨ ᠪᠦᠬᠦ ᠠᠭᠤᠯᠭ᠎ᠠ ᠶᠢᠨ ᠳ᠋ᠠᠶᠢᠲ᠋ᠠ ᠬᠦᠮᠦᠷᠭᠡ᠂ ᠮᠤᠩᠭ᠋ᠤᠯ ᠰᠤᠲᠤᠯᠤᠯ ᠤᠨ ᠰᠤᠷᠠᠭ ᠵᠠᠩᠬᠢ ᠶᠢᠨ ᠦᠢᠯᠡᠴᠢᠯᠡᠭᠡᠨ ᠤ ᠲᠠᠪᠴᠠᠩ᠂ ᠲᠤᠮᠲᠠᠲᠤ ᠤᠯᠤᠰ ᠤᠨ ᠮᠤᠩᠭ᠋ᠤᠯ ᠰᠡᠳᠬᠦᠯ ᠤᠨ ᠰᠦᠯᠵᠢᠶ᠎ᠠ᠂ ᠧᠦ᠋ᠷᠦᠫᠠ ᠶᠢᠨ ᠡᠷᠲᠡᠨ ᠤ ᠰᠤᠷᠪᠤᠯᠵᠢ ᠪᠢᠴᠢᠭ᠌ ᠤᠨ ᠪᠢᠴᠢᠯᠵᠢᠬᠦᠯᠦᠭᠰᠡᠨ ᠳ᠋ᠠᠶᠢᠲ᠋ᠠ ᠬᠦᠮᠦᠷᠭᠡ᠂ ᠲᠤᠮᠲᠠᠲᠤ ᠤᠯᠤᠰ ᠤᠨ ᠡᠷᠲᠡᠨ ᠤ ᠮᠤᠩᠭ᠋ᠤᠯ ᠨᠤᠮ ᠪᠢᠴᠢᠭ᠌ ᠤᠨ ᠶᠡᠷᠦᠩᠬᠡᠢ ᠭᠠᠷᠴᠠᠭ ᠤᠨ ᠳ᠋ᠠᠶᠢᠲ᠋ᠠ ᠬᠦᠮᠦᠷᠭᠡ ᠵᠡᠷᠭᠡ ᠶᠢ ᠰᠤᠲᠤᠯᠤᠨ ᠪᠦᠲᠦᠭᠡᠵᠦ᠂ ᠤᠯᠤᠰ ᠲᠠᠶᠠᠭᠠᠷ ᠤᠨ ᠶᠡᠬᠡ ᠲᠡᠭᠡᠳᠦ ᠰᠤᠷᠭᠠᠭᠤᠯᠢ ᠶᠢᠨ ᠬᠠᠮᠤᠭ ᠤᠨ ᠠᠩᠬᠠᠨ ᠤ ᠮᠤᠩᠭ᠋ᠤᠯ ᠲᠤᠭᠠᠴᠢᠯᠠᠭᠰᠠᠨ ᠨᠤᠮ ᠤᠨ ᠰᠠᠩ ᠢ ᠪᠠᠶᠢᠭᠤᠯᠤᠭᠰᠠᠨ ᠢᠶᠡᠷ ᠪᠠᠷᠠᠬᠤ ᠦᠭᠡᠢ ᠮᠠᠨ ᠤ ᠤᠯᠤᠰ ᠤᠨ ᠮᠤᠩᠭ᠋ᠤᠯ ᠰᠤᠲᠤᠯᠤᠯ ᠵᠢᠴᠢ ᠦᠨᠳᠦᠰᠦᠲᠡᠨ ᠰᠤᠲᠤᠯᠤᠯ ᠤᠨ ᠰᠤᠷᠠᠭ ᠵᠠᠩᠬᠢ ᠶᠢᠨ ᠦᠢᠯᠡᠴᠢᠯᠡᠭᠡᠨ ᠤ ᠴᠢᠬᠤᠯᠠ ᠲᠠᠪᠴᠠᠩ ᠪᠤᠯᠪᠠ᠃

    ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠮᠤᠩᠭ᠋ᠤᠯ ᠲᠤᠭᠠᠴᠢᠯᠠᠭᠰᠠᠨ ᠨᠤᠮ ᠤᠨ ᠰᠠᠩ ᠢ ᠪᠤᠭᠤᠲᠤ ᠬᠤᠲᠠ ᠪᠤᠯᠤᠨ ᠦᠪᠦᠷ ᠮᠤᠩᠭ᠋ᠤᠯ ᠤᠨ ᠶᠡᠬᠡ ᠰᠤᠷᠭᠠᠭᠤᠯᠢ ᠬᠠᠮᠲᠤᠪᠡᠷ ᠪᠠᠶᠢᠭᠤᠯᠵᠤ ᠬᠠᠮᠲᠤ ᠪᠡᠷ ᠠᠰᠢᠭᠯᠠᠬᠤ ᠪᠤᠯᠤᠨ᠎ᠠ᠃ ᠡᠨᠡ ᠨᠢ ᠤᠷᠤᠨ ᠨᠤᠲᠤᠭ ᠪᠠ ᠶᠡᠬᠡ ᠲᠡᠭᠡᠳᠦ ᠰᠤᠷᠭᠠᠭᠤᠯᠢ ᠬᠠᠮᠲᠤᠷᠠᠨ ᠮᠤᠩᠭ᠋ᠤᠯ ᠲᠤᠭᠠᠴᠢᠯᠠᠭᠰᠠᠨ ᠡᠬᠢ ᠪᠠᠶᠠᠯᠢᠭ ᠢ ᠨᠡᠬᠡᠬᠡᠨ ᠠᠰᠢᠭᠯᠠᠭᠰᠠᠨ ᠰᠢᠨ᠎ᠡ ᠵᠠᠭᠪᠤᠷ ᠪᠤᠯᠬᠤ ᠶᠤᠮ᠃ ᠦᠪᠦᠷ ᠮᠤᠩᠭ᠋ᠤᠯ ᠤᠨ ᠶᠡᠬᠡ ᠰᠤᠷᠭᠠᠭᠤᠯᠢ ᠶᠢᠨ ᠨᠤᠮ ᠤᠨ ᠰᠠᠩ ᠲᠤᠨᠤᠭ ᠲᠦᠭᠦᠭᠡᠷᠦᠮᠵᠢ᠂ ᠮᠡᠷᠭᠡᠵᠢᠯ᠂ ᠲᠠᠪᠴᠠᠩ ᠵᠡᠷᠭᠡ ᠲᠠᠪᠠᠭᠤᠯᠢᠭ ᠨᠦᠬᠦᠴᠡᠯ ᠳ᠋ᠡᠭᠡᠨ ᠲᠦᠰᠢᠭᠯᠡᠨ ᠪᠤᠭᠤᠲᠤ ᠬᠤᠲᠠ ᠶᠢᠨ ᠨᠤᠮ ᠤᠨ ᠰᠠᠩ ᠪᠠ ᠪᠤᠭᠤᠲᠤ ᠬᠤᠲᠠ ᠳ᠋ᠤ ᠪᠠᠶᠢᠭ᠎ᠠ ᠪᠤᠭᠤᠲᠤ ᠶᠢᠨ ᠪᠠᠭᠰᠢ ᠶᠢᠨ ᠲᠡᠭᠡᠳᠦ ᠰᠤᠷᠭᠠᠭᠤᠯᠢ ᠵᠡᠷᠭᠡ 6 ᠶᠡᠬᠡ ᠲᠡᠭᠡᠳᠦ ᠰᠤᠷᠭᠠᠭᠤᠯᠢ ᠶᠢᠨ ᠮᠤᠩᠭ᠋ᠤᠯ ᠰᠤᠷᠪᠤᠯᠵᠢ ᠪᠢᠴᠢᠭ᠌ ᠢ ᠲᠤᠭᠠᠴᠢᠯᠠᠬᠤ ᠪᠤᠯᠤᠨ᠎ᠠ᠃

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
  • 《ᠤᠮᠠᠷᠠᠲᠤ ᠬᠢᠯᠢ ᠶᠢᠨ ᠢᠷᠠᠭᠤ ᠡᠭᠡᠰᠢᠭ᠌ 》 ᠦᠨᠳᠦᠰᠦᠲᠡᠨ ᠤ ᠤᠷᠰᠺᠧᠲ᠋ᠷᠠ ᠬᠦᠭ᠍ᠵᠢᠮ ᠤᠨ ᠦᠳᠡᠰᠢᠯᠡᠭᠡ ᠬᠦᠬᠡᠬᠤᠲᠠ ᠳᠤ ᠪᠤᠯᠪᠠ
关闭
010070230030000000000000011100001120989408