微信打开
蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠲᠤᠯᠤᠲᠤᠭᠠᠷ ᠬᠤᠭᠤᠴᠠᠭᠠᠨ ᠤ ᠨᠠᠭᠠᠲᠤᠮ ᠰᠤᠶᠤᠯ ᠤᠨ ᠨᠠᠶᠢᠷ ᠪᠤᠯᠵᠤ ᠦᠩᠭᠡᠷᠡᠪᠡ

2017-05-25 19:01

    ᠰᠢᠨᠬᠤᠸᠠ ᠮᠤᠩᠭ᠋ᠤᠯ ᠨᠸᠲ   ᠬᠦᠬᠡᠬᠤᠲᠠ ᠶᠢᠨ 5 ᠰᠠᠷ᠎ᠠ ᠶᠢᠨ 25 ᠤ ᠡᠲᠦᠷ ᠤᠨ ᠴᠠᠬᠢᠯᠭᠠᠨ ᠮᠡᠲᠡᠭᠡ (ᠦᠵᠡᠰᠭᠦᠯᠡᠩ᠂ ᠲᠠᠲᠤᠯᠭ᠎ᠠ ᠶᠢᠨ ᠰᠤᠷᠤᠭᠴᠢ ᠲᠠᠯ᠎ᠠ ) 5 ᠰᠠᠷ᠎ᠠ ᠶᠢᠨ 25 ᠤ ᠡᠲᠦᠷ ᠤᠨ ᠦᠲᠡ ᠶᠢᠨ ᠡᠮᠦᠨ᠎ᠡ᠂ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠲᠤᠯᠤᠲᠤᠭᠠᠷ ᠬᠤᠭᠤᠴᠠᠭᠠᠨ ᠤ ᠨᠠᠭᠠᠲᠤᠮ ᠰᠤᠶᠤᠯ ᠤᠨ ᠨᠠᠶᠢᠷ  ᠲᠤᠰ ᠰᠤᠷᠭᠠᠭᠤᠯᠢ ᠶᠢᠨ ᠪᠠᠶ᠎ᠠ ᠶᠢᠨ ᠲᠠᠮᠢᠷ ᠤᠨ ᠲᠠᠯᠠᠪᠤᠷ ᠲᠤ ᠪᠤᠯᠵᠤ ᠦᠩᠭᠡᠷᠡᠪᠡ᠃

    ᠲᠤᠰ ᠬᠤᠭᠤᠴᠠᠭᠠᠨ ᠤ ᠨᠠᠭᠠᠲᠤᠮ ᠰᠤᠶᠤᠯ ᠤᠨ ᠨᠠᠶᠢᠷ ᠲᠤ ᠤᠷᠠᠨ ᠰᠠᠶᠢᠬᠠᠨ ᠤ ᠲᠤᠭᠯᠠᠯᠲᠠ᠂ ᠤᠯᠠᠮᠵᠢᠯᠠᠯᠲᠤ ᠨᠠᠭᠠᠲᠤᠮ᠂ ᠮᠤᠩᠭ᠋ᠤᠯ ᠬᠤᠪᠴᠠᠰᠤ ᠵᠠᠰᠠᠯ ᠤᠨ ᠦᠵᠡᠬᠦᠯᠦᠯᠭᠡ᠂ ᠬᠢᠲᠠᠳ ᠵᠢᠷᠤᠭ ᠤᠨ ᠲᠡᠯᠭᠡᠨ ᠦᠵᠡᠬᠦᠯᠦᠯᠭᠡ ᠭᠠᠷᠭᠠᠪᠠ᠃ ᠤᠯᠠᠮᠵᠢᠯᠠᠯᠲᠤ ᠨᠠᠭᠠᠲᠤᠮ ᠳ᠋ᠤ ᠪᠦᠬᠡ ᠪᠠᠷᠢᠯᠲᠤᠬᠤ᠂ ᠰᠤᠷ ᠬᠠᠷᠪᠤᠬᠤ᠂ ᠪᠢᠯᠠᠭᠤ ᠰᠢᠲᠡᠬᠦ᠂ ᠮᠤᠩᠭ᠋ᠤᠯ ᠰᠢᠲᠠᠷ᠎ᠠ᠂ ᠪᠤᠭᠤ ᠶᠢᠨ ᠵᠢᠷᠭᠢᠭᠡ᠂ ᠱᠠᠭ᠎ᠠ᠂ ᠱᠠᠭ᠎ᠠ ᠬᠠᠷᠪᠤᠭ᠎ᠠ᠂ ᠲᠠᠮᠤ ᠶᠢᠨ ᠴᠤᠤᠵᠢ ᠵᠡᠷᠭᠡ ᠶᠢ ᠲᠤᠬᠢᠷᠠᠭᠤᠯᠤᠭᠰᠠᠨ ᠢᠶᠡᠷ ᠠᠭᠤᠯᠭ᠎ᠠ᠂ ᠬᠡᠯᠪᠡᠷᠢ ᠨᠢ ᠤᠯᠠᠮ  ᠪᠠᠶᠠᠯᠢᠭᠵᠢᠪᠠ᠃

    ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠲᠡᠳ᠋ ᠱᠦᠵᠢ ᠬᠤ ᠴᠦᠨ ᠮᠸᠢ ᠰᠢᠨᠬᠤᠸᠠ ᠮᠤᠩᠭ᠋ᠤᠯ ᠨᠸᠲ ᠤᠨ ᠰᠤᠷᠪᠤᠯᠵᠢᠯᠠᠭ᠎ᠠ ᠶᠢ ᠬᠦᠯᠢᠶᠡᠨ ᠄《 ᠮᠠᠨ ᠤ ᠰᠤᠷᠭᠠᠭᠤᠯᠢ ᠨᠠᠭᠠᠲᠤᠮ ᠰᠤᠶᠤᠯ ᠤᠨ ᠨᠠᠶᠢᠷ ᠢ ᠡᠷᠬᠢᠯᠡᠨ ᠶᠠᠪᠤᠭᠲᠠᠭᠤᠯᠤᠭᠠᠳ 7 ᠵᠢᠯ ᠤᠨ ᠨᠢᠭᠤᠷ ᠢ ᠦᠵᠡᠵᠦ ᠪᠤᠢ᠃ ᠦᠨᠳᠦᠰᠦᠲᠡᠨ ᠤ ᠤᠨᠴᠠᠯᠢᠭ ᠲᠤᠪᠤᠶᠢᠮ᠎ᠠ ᠶᠡᠬᠡ ᠲᠡᠭᠡᠳᠦ ᠰᠤᠷᠭᠠᠭᠤᠯᠢ ᠪᠤᠯᠤᠭᠰᠠᠨ ᠤ ᠬᠤᠪᠢ ᠳ᠋ᠤ᠂ ᠦᠨᠳᠦᠰᠦᠲᠡᠨ ᠤ ᠴᠢᠲᠠᠪᠤᠷᠢᠲᠠᠨ ᠢ ᠬᠦᠮᠦᠵᠢᠬᠦᠯᠬᠦ᠂ ᠦᠨᠳᠦᠰᠦᠲᠡᠨ ᠤ ᠠᠵᠤ ᠠᠬᠤᠢ ᠳ᠋ᠤ ᠦᠢᠯᠡᠴᠢᠯᠡᠬᠦ᠂ ᠦᠨᠳᠦᠰᠦᠲᠡᠨ ᠤ ᠰᠤᠶᠤᠯ ᠤᠨ ᠦᠪ ᠢ ᠤᠯᠠᠮᠵᠢᠯᠠᠨ ᠬᠦᠭ᠍ᠵᠢᠬᠦᠯᠬᠦ᠂ ᠦᠨᠳᠦᠰᠦᠲᠡᠨ ᠤ ᠪᠦᠯᠬᠦᠮᠲᠡᠯ ᠢ ᠠᠬᠢᠭᠤᠯᠬᠤ ᠵᠤᠷᠢᠯᠭ᠎ᠠ ᠪᠡᠷ ᠰᠤᠷᠭᠠᠭᠤᠯᠢ ᠡᠷᠬᠢᠯᠡᠬᠦ ᠤᠶᠢᠯᠠᠭᠠᠬᠲᠠᠬᠤᠨ ᠢᠶᠡᠨ ᠪᠤᠯᠭᠠᠪᠠ᠃ ᠰᠡᠬᠦᠯ ᠤᠨ ᠦᠶ᠎ᠠ ᠳ᠋ᠤ ᠰᠤᠷᠭᠠᠭᠤᠯᠢ ᠶᠢᠨ ᠨᠠᠮ ᠤᠨ ᠬᠤᠷᠢᠶ᠎ᠠ ᠡᠴᠡ ᠦᠨᠳᠦᠰᠦᠲᠡᠨ ᠤ ᠰᠤᠷᠭᠠᠨ ᠬᠦᠮᠦᠵᠢᠯ ᠤᠨ ᠬᠦᠭ᠍ᠵᠢᠯᠲᠠ ᠶᠢ ᠠᠬᠢᠭᠤᠯᠵᠤ᠂ ᠦᠨᠳᠦᠰᠦᠲᠡᠨ ᠤ ᠦᠪ ᠰᠤᠶᠤᠯ ᠢᠶᠡᠨ ᠰᠤᠷᠤᠭᠴᠢᠳ ᠲᠠᠭᠠᠨ ᠤᠶᠢᠯᠠᠭᠠᠭᠤᠯᠵᠤ᠂ ᠵᠠᠯᠭᠠᠮᠵᠢᠯᠠᠭᠤᠯᠤᠨ ᠬᠦᠭ᠍ᠵᠢᠬᠦᠯᠬᠦ ᠪᠡᠷ ᠨᠠᠭᠠᠲᠤᠮ ᠰᠤᠶᠤᠯ ᠤᠨ ᠨᠠᠶᠢᠷ ᠢ ᠵᠤᠬᠢᠶᠠᠨ ᠪᠠᠶᠢᠭᠤᠯᠤᠭᠰᠠᠭᠠᠷ ᠢᠷᠡᠵᠡᠢ᠃ ᠨᠠᠭᠠᠲᠤᠮ ᠰᠤᠶᠤᠯ ᠤᠨ ᠨᠠᠶᠢᠷ ᠨᠢ ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠪᠠᠭᠰᠢ ᠤᠶᠤᠲᠠᠳ ᠨᠢᠭᠡᠪᠦᠷᠢ ᠶᠢᠨ ᠰᠤᠶᠤᠯ ᠤᠨ ᠠᠮᠢᠲᠤᠷᠠᠯ ᠤᠨ ᠴᠢᠬᠤᠯᠠ ᠨᠢᠭᠡᠨ ᠬᠡᠰᠡᠭ ᠪᠤᠯᠵᠤ᠂ ᠴᠢᠲᠠᠪᠤᠷᠢᠲᠠᠨ ᠬᠦᠮᠦᠵᠢᠬᠦᠯᠬᠦ ᠳ᠋ᠤ ᠠᠬᠢᠭᠤᠯᠬᠤ ᠦᠢᠯᠡᠳᠦᠯ ᠦᠵᠡᠬᠦᠯᠵᠦ ᠪᠠᠶᠢᠨ᠎ᠠ》ᠭᠡᠵᠡᠢ᠃

    ᠤᠶᠢᠯᠠᠭᠠᠭᠰᠠᠨ ᠢᠶᠡᠷ᠂ 2016 ᠤᠨ ᠳ᠋ᠤ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠡᠴᠡ ᠲᠤᠰ ᠰᠤᠷᠭᠠᠭᠤᠯᠢ ᠶᠢᠨ ᠨᠠᠭᠠᠲᠤᠮ ᠰᠤᠶᠤᠯ ᠤᠨ ᠨᠠᠶᠢᠷ ᠢ  ᠤᠷᠤᠨ ᠲᠠᠶᠠᠭᠠᠷ ᠤᠨ ᠶᠡᠬᠡ ᠲᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠠᠨ ᠤ ᠤᠬᠢ ᠲᠦᠰᠦᠯ ᠢᠶᠡᠷ ᠨᠡᠷᠡᠶᠢᠳᠪᠡ᠃

    ᠬᠦᠬᠡᠬᠤᠲᠠ ᠦᠨᠳᠦᠰᠦᠲᠡᠨ ᠤ ᠲᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠲᠡᠳ᠋ ᠱᠦᠵᠢ ᠬᠤ ᠴᠦᠨ ᠮᠸᠢ ᠶᠢᠨ ᠰᠤᠷᠪᠤᠯᠵᠢᠯᠠᠭ᠎ᠠ ᠶᠢ ᠠᠦ᠋ᠳᠢᠤ᠋ ᠶᠢᠨ ᠬᠡᠯᠪᠡᠷᠢ ᠪᠡᠷ ᠬᠦᠷᠭᠡᠯ᠎ᠡ᠂ ᠬᠦᠯᠢᠶᠠᠨ ᠰᠤᠨᠢᠷᠬᠠᠮᠦ!

ᠢᠷᠡᠯᠳᠡ᠄ ᠰᠢᠨᠬᠤᠸᠠ ᠮᠤᠩᠭ᠋ᠤᠯ ᠨᠸᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120691121037260