蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠬᠤᠶᠠᠲᠤᠭᠠᠷ ᠤᠲᠠᠭᠠᠨ ᠤ 《ᠴᠤᠮᠤᠷᠯᠢᠬ ᠬᠤᠨᠲᠠᠭᠠᠲᠤ》ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠬᠡᠯᠡᠨ ᠤ ᠵᠤᠬᠢᠶᠠᠨ ᠪᠢᠴᠢᠯᠭᠡ ᠶᠢᠨ ᠤᠷᠤᠯᠲᠤᠭᠠᠨ ᠤ ᠱᠠᠩᠨᠠᠯ ᠤᠯᠭᠤᠬᠤ ᠠᠵᠢᠯᠯᠠᠭ᠎᠎ᠠ ᠶᠠᠪᠤᠭᠲᠠᠵᠤ ᠦᠩᠭᠡᠷᠡᠪᠡ

2017-05-26 16:17

    ᠰᠢᠨᠬᠤᠧᠠ ᠮᠤᠩᠭᠤᠯ ᠨᠧᠲ   ᠬᠦᠬᠡᠬᠤᠲᠠ ᠶᠢᠨ 5 ᠰᠠᠷ᠎ᠠ ᠶᠢᠨ 26 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) 5 ᠰᠠᠷ᠎ᠠ ᠶᠢᠨ 26 ᠤ ᠡᠲᠦᠷ ᠤᠨ ᠦᠲᠡ ᠶᠢᠨ ᠡᠮᠦᠨ᠎ᠡ᠂ ᠦᠪᠦᠷ ᠮᠤᠩᠭᠤᠯ ᠤᠨ ᠬᠤᠶᠠᠲᠤᠭᠠᠷ ᠤᠲᠠᠭᠠᠨ ᠤ 《ᠴᠤᠮᠤᠷᠯᠢᠬ ᠬᠤᠨᠲᠠᠭᠠᠲᠤ》ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠮᠤᠩᠭᠤᠯ ᠬᠡᠯᠡᠨ ᠤ ᠵᠤᠬᠢᠶᠠᠨ ᠪᠢᠴᠢᠯᠭᠡ ᠶᠢᠨ ᠤᠷᠤᠯᠲᠤᠭᠠᠨ ᠤ ᠱᠠᠩᠨᠠᠯ ᠤᠯᠭᠤᠬᠤ ᠠᠵᠢᠯᠯᠠᠭ᠎᠎ᠠ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠳ᠋ᠤ ᠶᠠᠪᠤᠭᠲᠠᠵᠤ ᠦᠩᠭᠡᠷᠡᠪᠡ᠃

    ᠲᠤᠰ ᠤᠲᠠᠭᠠᠨ ᠤ ᠤᠷᠤᠯᠲᠤᠭᠠᠨ ᠢ ᠡᠪ ᠬᠠᠮᠲᠤ ᠵᠠᠯᠠᠭᠤᠴᠤᠳ ᠤᠨ ᠡᠪᠯᠡᠯ ᠤᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ ᠡᠴᠡ ᠰᠠᠨᠠᠭᠠᠴᠢᠯᠠᠵᠤ᠂ ᠪᠠᠭᠠᠴᠤᠳ ᠤᠨ ᠬᠤᠰᠢᠭᠤᠴᠢ ᠠᠩᠬᠢ ᠶᠢᠨ ᠦᠪᠦᠷ ᠮᠤᠩᠭᠤᠯ ᠤᠨ ᠠᠵᠢᠯᠯᠠᠬᠤ ᠬᠤᠷᠢᠶ᠎ᠠ᠂ ᠦᠪᠦᠷ ᠮᠤᠩᠭᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶ᠎ᠠ᠂ ᠬᠦᠬᠡᠬᠤᠲᠠ ᠶᠢᠨ ᠮᠤᠩᠭᠤᠯ ᠦᠨᠳᠦᠰᠦᠲᠡᠨ ᠤ ᠰᠤᠷᠭᠠᠭᠤᠯᠢ ᠡᠴᠡ ᠵᠤᠬᠢᠶᠠᠨ ᠪᠠᠶᠢᠭᠤᠯᠵᠠᠢ᠃

    ᠤᠷᠤᠯᠲᠤᠭᠠᠨ ᠨᠢ《ᠠᠴᠢ ᠬᠠᠶᠢᠷ᠎ᠠ》ᠬᠡᠮᠡᠬᠦ ᠰᠡᠳᠦᠪ ᠤᠨ ᠲᠠᠭᠠᠤ᠂ ᠦᠩᠭᠡᠷᠡᠭᠰᠡᠨ ᠤᠨ ᠤ 9 ᠰᠠᠷ᠎ᠠ ᠶᠢᠨ 1  ᠡᠴᠡ ᠡᠬᠢᠯᠡᠨ ᠤᠷᠤᠨ ᠲᠠᠶᠠᠭᠠᠷ ᠤᠨ ᠲᠤᠮᠲᠠᠲᠤ ᠪᠠᠭ᠎ᠠ ᠰᠤᠷᠭᠠᠭᠤᠯᠢ ᠶᠢᠨ ᠰᠤᠷᠤᠭᠴᠢᠳ ᠡᠴᠡ ᠡᠬᠡ ᠪᠢᠴᠢᠭ ᠡᠯᠰᠡᠵᠦ᠂ ᠨᠡᠶᠢᠲᠡ 2024 ᠬᠤᠪᠢ ᠪᠦᠲᠦᠭᠡᠯ ᠬᠤᠷᠢᠶᠠᠨ ᠤᠯᠪᠠ᠃ ᠰᠢᠭᠦᠭ᠍ᠴᠢᠳ ᠤᠨ ᠠᠩᠬᠠᠨ ᠤ ᠰᠢᠭ᠍ᠰᠢᠯᠲᠡ᠂ ᠨᠤᠭᠤᠯᠤᠭ᠎ᠠ ᠤᠷᠤᠯᠲᠤᠭᠠᠨ᠂ ᠰᠢᠢᠳᠪᠦᠷᠢᠲᠦ ᠤᠷᠤᠯᠲᠤᠭᠠᠨ ᠢᠶᠡᠷ ᠲᠠᠮᠵᠢᠨ ᠪᠠᠭ᠎ᠠ ᠰᠤᠷᠭᠠᠭᠤᠯᠢ ᠶᠢᠨ ᠪᠠᠭ ᠲᠤ ᠰᠢᠯᠢ ᠶᠢᠨ ᠭᠤᠤᠯ ᠠᠶᠢᠮᠠᠭ ᠤᠨ ᠪᠠᠷᠠᠭᠤᠨ ᠦᠵᠦᠮᠦᠴᠢᠨ ᠬᠤᠰᠢᠭᠤᠨ ᠤ ᠮᠤᠩᠭᠤᠯ ᠦᠨᠳᠦᠰᠦᠲᠡᠨ ᠤ ᠨᠢᠭᠡᠲᠦᠭᠡᠷ ᠪᠠᠭ᠎ᠠ ᠰᠤᠷᠭᠠᠭᠤᠯᠢ ᠶᠢᠨ 6 • 6 ᠠᠩᠭᠢ ᠶᠢᠨ ᠭᠡᠭᠡᠨᠲᠡᠨ᠎ᠠ᠂ ᠲᠤᠮᠲᠠᠲᠤ ᠰᠤᠷᠭᠠᠭᠤᠯᠢ ᠶᠢᠨ ᠪᠠᠭ ᠲᠤ ᠤᠯᠠᠭᠠᠨᠬᠠᠲᠠ ᠬᠤᠲᠠ ᠶᠢᠨ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠤ ᠮᠤᠩᠭᠤᠯ ᠦᠨᠳᠦᠰᠦᠲᠡᠨ ᠤ ᠲᠤᠮᠲᠠᠲᠤ ᠰᠤᠷᠭᠠᠭᠤᠯᠢ ᠶᠢᠨ ᠠᠩᠬ᠎ᠠ ᠨᠢᠭᠡ ᠶᠢᠨ ᠲᠤᠯᠤᠲᠤᠭᠠᠷ ᠠᠩᠬᠢ ᠶᠢᠨ ᠠᠯᠲᠠᠨᠲᠤᠶᠠᠭ᠎ᠠ 《ᠴᠤᠮᠤᠷᠯᠢᠬ ᠬᠤᠨᠲᠠᠭᠠᠲᠤ》 ᠶᠢᠨ ᠡᠵᠡᠨ ᠢᠶᠡᠷ ᠲᠤᠲᠤᠷᠠᠪᠠ᠃ ᠮᠦᠨ ᠱᠠᠩᠨᠠᠯ ᠤᠯᠭᠤᠬᠤ ᠠᠵᠢᠯᠯᠠᠭᠠᠨ ᠤ ᠦᠶ᠎ᠠ ᠪᠡᠷ ᠦᠪᠦᠷ ᠮᠤᠩᠭᠤᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠦᠯ ᠤᠨ ᠬᠤᠷᠢᠶ᠎ᠠ ᠶᠢᠨ 《ᠴᠤᠮᠤᠷᠯᠢᠬ》ᠰᠡᠳᠬᠦᠯ ᠤᠨ ᠬᠢᠨ《ᠴᠤᠮᠤᠷᠯᠢᠬ ᠬᠤᠨᠲᠠᠭᠠᠲᠤ》 ᠶᠢᠨ ᠡᠵᠡᠨ ᠢᠶᠡᠷ ᠲᠤᠲᠤᠷᠠᠭᠰᠠᠳ ᠢ ᠭᠡᠷᠡᠲᠦ ᠵᠤᠬᠢᠶᠠᠯᠴᠢ ᠪᠡᠷ ᠤᠷᠢᠨ ᠠᠵᠢᠯᠯᠠᠭᠤᠯᠬᠤ ᠪᠡᠷ ᠲᠤᠭᠲᠠᠵᠠᠢ᠃

《ᠴᠤᠮᠤᠷᠯᠢᠬ ᠬᠤᠨᠲᠠᠭᠠᠲᠤ》 ᠶᠢᠨ ᠡᠵᠡᠨ ᠢᠶᠡᠷ ᠲᠤᠲᠤᠷᠠᠭᠰᠠᠳ ᠲᠤ ᠱᠠᠩᠨᠠᠯ ᠭᠠᠷᠲᠠᠭᠤᠯᠪᠠ ( ᠵᠢᠷᠤᠭ ᠢ ᠰᠢᠨᠬᠤᠸᠠ ᠮᠤᠩᠭᠤᠯ ᠨᠸᠲ ᠤᠨ ᠬ • ᠦᠵᠡᠰᠭᠦᠯᠡᠩ)

    ᠠᠯᠲᠠᠷᠲᠤ ᠵᠤᠬᠢᠶᠠᠯᠴᠢ᠂ ᠰᠡᠳᠬᠦᠯᠴᠢ ᠯᠢᠭᠲᠡᠨ ᠤᠷᠤᠯᠲᠤᠭᠠᠨ ᠤ ᠬᠢᠨᠠᠨ ᠰᠢᠬᠦᠯᠲᠡ ᠢᠯᠡ ᠲᠤᠲᠤ᠂ ᠰᠡᠳᠦᠪ ᠤᠨ ᠬᠠᠮᠤᠷᠤᠭᠰᠠᠨ ᠬᠡᠪᠴᠢᠶ᠎ᠠ ᠦᠷᠭᠡᠨ᠂ ᠤᠳᠬ᠎ᠠ ᠰᠠᠨᠠᠭ᠎ᠠ ᠪᠠᠶᠠᠯᠢᠭ ᠭᠦᠨᠴᠨ ᠲᠠᠢ᠂ ᠮᠤᠩᠭᠤᠯ ᠬᠡᠦᠬᠡᠳ ᠤᠨ ᠵᠤᠬᠢᠶᠠᠨ ᠪᠢᠴᠢᠯᠭᠡ  ᠲᠡᠭᠡᠭ᠍ᠰᠢᠯᠡᠯᠲᠡ ᠲᠠᠢ ᠪᠤᠯᠤᠨ᠎ᠠ ᠭᠡᠵᠦ ᠦᠨᠳᠦᠷ ᠦᠨᠡᠯᠡᠯᠲᠡ ᠦᠭ᠍ᠪᠡ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
  • ᠤᠷᠠᠨ ᠤᠨᠭᠰᠢᠯᠭ᠎ᠠ ᠶᠢᠨ ᠦᠷᠦᠭᠡ ᠨᠢ ᠬᠦᠮᠦᠰ ᠤᠨ ᠬᠦᠷᠢᠶᠡᠯᠡᠯ ᠢ ᠤᠯᠪᠠ
关闭
010070230030000000000000011120791121043523