蒙古文网站Logo
ᠰᠢᠨᠬᠤᠸᠠ ᠮᠤᠩᠭ᠋ᠤᠯ ᠨᠧᠲ

ᠬᠤᠸᠠᠩ ᠴᠧᠩ ᠶᠠᠨ ᠤ ᠰᠢᠯᠭᠠᠯᠳᠠ ᠳᠤ ᠪᠡᠯᠡᠳᠭᠡᠭ᠍ᠰᠡᠨ ᠲᠡᠮᠳᠡᠭᠯᠡᠯ

2017-06-07 11:43

    ᠦᠨᠦ ᠵᠢᠯ ᠶᠡᠬᠡ ᠲᠡᠭᠡᠳᠤ ᠰᠤᠷᠭᠠᠭᠤᠯᠢ ᠶᠢᠨ ᠡᠯᠰᠡᠯᠳᠠ ᠶᠢᠨ ᠰᠢᠯᠭᠠᠯᠳᠠ ᠳᠤ ᠤᠷᠤᠯᠴᠠᠬᠤ ᠨᠢᠩᠰᠢᠶᠠ ᠶᠢᠨ ᠬᠦ᠋ ᠶᠤᠸᠠᠨ ᠨᠢᠬᠡᠳᠤᠭᠡᠷ ᠲᠤᠮᠳᠠᠳᠤ ᠰᠤᠷᠭᠠᠭᠤᠯᠢ ᠶᠢᠨ ᠭᠤᠷᠪᠠᠳᠤᠭᠠᠷ ᠠᠩᠬᠢ ᠶᠢᠨ ᠰᠤᠷᠤᠭᠴᠢ ᠬᠤᠸᠠᠩ ᠴᠧᠩ ᠶᠠᠨ᠂ ᠨᠢᠩᠰᠢᠶᠠ ᠶᠢᠨ ᠬᠦ᠋ ᠶᠤᠸᠠᠨ ᠬᠤᠳᠠ ᠶᠢᠨ ᠶᠤᠸᠠᠨ ᠵᠧᠤ ᠲᠤᠭᠤᠷᠢᠭ ᠤᠨ ᠫᠧᠩ ᠪᠤᠤ ᠵᠧᠨ ᠪᠠᠯᠭᠠᠰᠤ ᠶᠢᠨ ᠶᠠᠩ ᠵᠦᠩ ᠪᠤᠤ ᠲᠤᠰᠬᠤᠨ ᠳᠤ ᠲᠦᠷᠦᠵᠡᠢ᠃ ᠬᠤᠸᠠᠩ ᠴᠧᠩ ᠶᠠᠨ ᠤ ᠠᠪᠤ ᠨᠢ ᠡᠷᠳᠡ ᠨᠠᠰᠤ ᠪᠠᠷᠠᠵᠤ᠂ ᠬᠠᠳᠠᠭᠤ ᠪᠡᠷᠭᠡ ᠠᠮᠢᠳᠤᠷᠠᠯ ᠲᠡᠬᠦᠨ ᠢ ᠲᠡᠰᠪᠦᠷᠢ ᠲᠡᠪᠴᠢᠶᠡᠷᠢ ᠲᠠᠢ ᠪᠤᠯᠭᠠᠨ ᠲᠠᠪᠳᠠᠵᠠᠢ᠃ ᠲᠡᠷᠡ ᠢᠳᠡᠬᠡᠯ ᠪᠤᠯᠤᠨ ᠴᠢᠷᠮᠠᠶᠢᠯᠭ᠎ᠠ ᠪᠡᠷ ᠢᠶᠡᠨ ᠬᠦ᠋ ᠶᠤᠸᠠᠨ ᠨᠢᠬᠡᠳᠤᠬᠡᠷ ᠲᠤᠮᠳᠠᠳᠤ ᠰᠤᠷᠭᠠᠭᠤᠯᠢ ᠳᠤ ᠰᠢᠯᠭᠠᠨ ᠤᠷᠤᠵᠤ᠂ ᠰᠤᠷᠭᠠᠭᠤᠯᠢ ᠶᠢᠨ ᠪᠠᠶᠢᠷᠢ ᠳᠤ ᠰᠠᠭᠤᠵᠡᠢ᠃ ᠲᠡᠷᠡᠪᠡᠷ ᠡᠳᠤᠷ ᠪᠦᠷᠢ ᠡᠷᠳᠡᠯᠡᠵᠤ ᠤᠷᠤᠶᠢᠯᠠᠨ ᠰᠤᠷᠤᠯᠭ᠎ᠠ ᠠᠮᠢᠳᠤᠷᠠᠯ ᠨᠢ ᠪᠠᠴᠢᠮ ᠶᠠᠭᠠᠷᠠᠤ ᠪᠠᠶᠢᠬᠰᠠᠨ ᠴᠤ ᠮᠠᠰᠢ ᠤᠳᠬ᠎ᠠ ᠠᠭᠤᠯᠭ᠎ᠠ ᠲᠠᠢ ᠰᠠᠨᠠᠭᠳᠠᠳᠠᠭ ᠪᠠᠶᠢᠯ᠎ᠠ᠃ ᠶᠡᠬᠡ ᠲᠡᠭᠡᠳᠤ ᠰᠤᠷᠭᠠᠭᠤᠯᠢ ᠶᠢᠨ ᠡᠯᠰᠡᠯᠳᠡ ᠶᠢᠨ ᠰᠢᠯᠭᠠᠯᠳᠠ ᠲᠦᠬᠦᠵᠤ ᠪᠠᠶᠢᠭ᠎ᠠ ᠡᠳᠤᠷ ᠤᠳ ᠲᠤ ᠴᠠᠭ ᠢᠶᠡᠨ ᠠᠷᠪᠢᠯᠠᠬᠤ ᠶᠢᠨ ᠲᠦᠯᠦᠭᠡ ᠬᠤᠸᠠᠩ ᠴᠧᠩ ᠶᠠᠨ ᠶᠠᠭᠠᠷᠠᠤ ᠰᠠᠨᠳᠤᠷᠤᠤ ᠬᠤᠭᠤᠯᠠ ᠪᠡᠨ ᠢᠳᠡᠵᠤ᠂ ᠬᠢᠴᠢᠶᠡᠯ ᠢᠶᠡᠨ ᠤᠷᠤᠨ᠎ᠠ᠃ ᠤᠷᠤᠢ ᠶᠢᠨ ᠲᠠᠪᠳᠠᠯᠭ᠎ᠠ ᠪᠠᠭᠤᠭᠰᠠᠨ ᠤ ᠲᠠᠷᠠᠭ᠎ᠠ᠂ ᠪᠠᠶᠢᠷᠢ ᠳᠤ ᠪᠠᠨ ᠪᠠᠰᠠ ᠨᠤᠮ ᠢᠶᠡᠨ ᠦᠵᠡᠳᠡᠭ᠃ ᠰᠢᠯᠭᠠᠬᠤ ᠤᠶᠢᠷᠠᠳᠤᠯ᠎ᠠ᠂ ᠬᠤᠸᠠᠩ ᠴᠧᠩ ᠶᠠᠨ ᠬᠡᠷ ᠨᠤᠳᠤᠭ ᠲᠤ ᠪᠠᠨ ᠪᠠᠶᠢᠭ᠎ᠠ ᠡᠪᠤᠬᠡ ᠡᠮᠡᠬᠡ ᠶᠢ ᠪᠡᠨ ᠡᠷᠬᠢᠵᠦ ᠦᠵᠡᠬᠦ ᠪᠡᠷ ᠬᠠᠷᠢᠵᠡᠢ᠃ ᠲᠡᠷᠡᠪᠡᠷ᠂ ᠪᠠᠭ᠎ᠠ ᠨᠠᠰᠤᠨ ᠳᠤ ᠠᠪᠤ ᠮᠢᠨᠢ ᠨᠠᠮᠠᠶ᠋ᠢ ᠰᠠᠶᠢᠨ ᠰᠤᠷᠤᠯᠴᠠᠭᠠᠷᠠᠢ᠂ ᠬᠤᠵᠢᠮ ᠬᠠᠷᠢᠶᠠᠴᠠᠢ ᠮᠡᠳᠤ ᠠᠵᠠ ᠵᠢᠷᠭᠠᠯ ᠲᠠᠢ ᠦᠰᠤᠨ ᠪᠤᠶᠢᠵᠢᠭᠠᠷᠠᠢ ᠭᠡᠵᠤ ᠰᠠᠨᠠᠭᠤᠯᠳᠠᠭ᠃ ᠪᠢ ᠴᠦᠬᠦᠷᠡᠰᠢ ᠦᠭᠡᠢ ᠴᠢᠷᠮᠠᠶᠢᠵᠦ ᠮᠦᠷᠦᠭᠡᠳᠤᠯ ᠢᠶᠡᠨ ᠪᠡᠶᠡᠯᠡᠬᠦᠯᠦᠨ᠎ᠡ ᠬᠡᠵᠡᠢ᠃ ( ᠵᠢᠷᠤᠭ ᠢ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠸᠠᠩ ᠫᠧᠩ)

ᠬᠤᠸᠠᠩ ᠴᠧᠩ ᠶᠠᠨ ᠬᠢᠴᠢᠶᠡᠯ ᠤᠨ ᠬᠡᠷ ᠲᠤ ᠪᠠᠨ

ᠬᠤᠸᠠᠩ ᠴᠧᠩ ᠶᠠᠨ ᠪᠠᠶᠢᠷᠢ ᠳᠤ ᠪᠠᠨ

ᠬᠤᠸᠠᠩ ᠴᠧᠩ ᠶᠠᠨ ᠲᠠᠮᠢᠷ ᠤᠨ ᠲᠠᠯᠠᠪᠤᠷ ᠲᠤ

ᠬᠤᠸᠠᠩ ᠴᠧᠩ ᠶᠠᠨ ᠪᠠᠶᠢᠷᠢ ᠳᠤ ᠪᠠᠨ

 

ᠬᠤᠸᠠᠩ ᠴᠧᠩ ᠶᠠᠨ ᠨᠤᠳᠤᠭ ᠲᠤ ᠪᠠᠨ

ᠬᠤᠸᠠᠩ ᠴᠧᠩ ᠶᠠᠨ ᠲᠡᠬᠦᠰᠬᠦ ᠶᠤᠰᠤᠯᠠᠯ ᠳᠤ ᠨᠠᠶᠢᠵᠠ ᠲᠠᠢ ᠪᠠᠨ ᠵᠢᠷᠤᠭ ᠠᠪᠬᠠᠭᠤᠯᠵᠤ ᠪᠤᠢ

ᠬᠤᠸᠠᠩ ᠴᠧᠩ ᠶᠠᠨ ᠬᠡᠷ ᠲᠤ ᠪᠠᠨ

ᠬᠤᠸᠠᠩ ᠴᠧᠩ ᠶᠠᠨ ᠡᠵᠢ ᠲᠠᠢ ᠪᠠᠨ

ᠬᠤᠸᠠᠩ ᠴᠧᠩ ᠶᠠᠨ ᠨᠤᠳᠤᠭ ᠲᠤ ᠪᠠᠨ

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠪᠠᠢ ᠯᠢᠩ ᠳ᠋ᠢ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121101441