蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠠᠭᠠᠷ ᠠᠶᠠᠯᠠᠯ ᠤᠨ ᠲᠡᠭᠡᠲᠤ ᠰᠤᠷᠭᠠᠭᠤᠯᠢ ᠪᠠᠶᠢᠭᠤᠯᠬᠤ ᠪᠡᠷ ᠪᠤᠢ

2017-06-12 16:41

    ᠰᠤᠷᠪᠤᠯᠵᠢᠯᠠᠭᠴᠢ ᠦᠪᠦᠷ ᠮᠣᠩᠭᠣᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠡᠴᠡ ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠡᠳ᠋ ᠤᠨ ᠵᠠᠰᠠᠭ ᠨᠡᠶᠢᠭᠡᠮ ᠤᠨ ᠬᠦᠭ᠍ᠵᠢᠯᠲᠠ ᠶᠢᠨ ᠰᠢᠨ᠎ᠠ ᠱᠠᠭᠠᠷᠳᠠᠯᠭ᠎ᠠ ᠳᠤ ᠤᠯᠠᠮ ᠵᠤᠬᠢᠴᠠᠭᠤᠯᠬᠤ ᠶᠢᠨ ᠲᠤᠰᠠᠳᠠ᠂ ᠦᠪᠦᠷ ᠮᠣᠩᠭᠣᠯ ᠤᠨ ᠵᠠᠰᠠᠭ ᠤᠨ ᠤᠷᠳᠤᠨ ᠲᠤᠰᠬᠠᠢ ᠬᠤᠷᠠᠯ ᠬᠤᠷᠠᠯᠳᠤᠭᠤᠯᠵᠤ᠂ ᠦᠪᠦᠷ ᠮᠣᠩᠭᠣᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠳᠤ ᠰᠠᠭᠤᠷᠢᠯᠠᠨ ᠦᠪᠦᠷ ᠮᠣᠩᠭᠣᠯ ᠤᠨ ᠠᠭᠠᠷ ᠠᠶᠠᠯᠠᠯ ᠤᠨ ᠲᠡᠭᠡᠲᠤ ᠰᠤᠷᠭᠠᠭᠤᠯᠢ ᠪᠠᠶᠢᠭᠤᠯᠬᠤ ᠪᠡᠷ ᠲᠤᠭᠲᠠᠪᠠ᠃

    ᠤᠶᠢᠯᠠᠭᠠᠭᠰᠠᠨ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠡᠴᠡ ᠪᠠᠭᠤᠯᠭᠠᠭᠰᠠᠨ《 ᠦᠪᠦᠷ ᠮᠣᠩᠭᠣᠯ ᠤᠨ ᠠᠭᠠᠷ ᠠᠶᠠᠯᠠᠯ ᠤᠨ ᠲᠡᠭᠡᠲᠤ ᠰᠤᠷᠭᠠᠭᠤᠯᠢ ᠶᠢ ᠳᠦᠰᠦᠪᠯᠡᠵᠤ ᠪᠠᠶᠢᠭᠤᠯᠬᠤ ᠲᠤᠬᠠᠢ ᠰᠤᠳᠤᠯᠭ᠎ᠠ》  ᠳᠤ᠂ ᠦᠪᠦᠷ ᠮᠣᠩᠭᠣᠯ ᠤᠨ ᠠᠭᠠᠷ ᠠᠶᠠᠯᠠᠯ ᠤᠨ ᠲᠡᠭᠡᠲᠤ ᠰᠤᠷᠭᠠᠭᠤᠯᠢ ᠶᠢ ᠱᠠᠲᠤ ᠬᠤᠪᠢᠶᠠᠨ ᠪᠠᠶᠢᠭᠤᠯᠬᠤ ᠪᠡᠷ ᠲᠦᠯᠦᠪᠯᠡᠵᠡᠢ᠃ ᠠᠩᠬᠠᠨ ᠤ ᠱᠠᠲᠤᠨ ᠳᠤ᠂ ᠦᠪᠦᠷ ᠮᠣᠩᠭᠣᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠳᠤ ᠰᠠᠭᠤᠷᠢᠯᠠᠨ ᠬᠤᠶᠠᠳᠤᠭᠠᠷ ᠵᠡᠷᠭᠡᠯᠡᠯ ᠤᠨ ᠲᠡᠭᠡᠲᠤ ᠰᠤᠷᠭᠠᠭᠤᠯᠢ ᠶᠢᠨ ᠬᠠᠮᠢᠶᠠᠷᠤᠯᠲᠠ ᠶᠢᠨ ᠵᠠᠭᠪᠤᠷ ᠢᠶᠡᠷ ᠪᠠᠢᠢᠭᠤᠯᠤᠨ ᠬᠠᠮᠢᠶᠠᠷᠴᠦ᠂ ᠠᠭᠠᠷ ᠠᠶᠠᠯᠠᠯ ᠤᠨ ᠬᠦᠷᠢᠶ᠎ᠠ ᠴᠡᠷ᠎ᠠ ᠳᠡᠬᠢ ᠲᠡᠭᠡᠲᠤ ᠵᠡᠷᠭᠡ ᠶᠢᠨ ᠴᠢᠳᠠᠪᠤᠷᠢᠲᠠᠨ ᠢ ᠬᠦᠮᠦᠵᠢᠭᠦᠯᠵᠤ᠂ ᠰᠤᠷᠭᠠᠭᠤᠯᠢ ᠡᠷᠬᠢᠯᠡᠬᠦ ᠲᠤᠷᠰᠢᠯᠭ᠎ᠠ ᠰᠤᠷᠭᠠᠮᠵᠢ  ᠬᠤᠷᠠᠮᠳᠤᠭᠤᠯᠤᠨ᠎ᠠ᠃ ᠤᠳᠤᠬᠠᠨ ᠳᠤ᠂ ᠦᠪᠦᠷ ᠮᠣᠩᠭᠣᠯ ᠤᠨ ᠠᠵᠤ ᠦᠢᠯᠡᠳᠪᠦᠷᠢ ᠶᠢᠨ ᠶᠡᠬᠡ ᠰᠤᠷᠭᠠᠭᠤᠯᠢ ᠶᠢᠨ ᠵᠠᠬᠢᠷᠤᠯ ᠢᠶᠡᠷ ᠪᠠᠭ ᠤᠨ ᠳᠠᠷᠤᠭ᠎ᠠ ᠪᠤᠯᠭᠠᠭᠰᠠᠨ ᠪᠦᠲᠦᠭᠡᠨ ᠪᠠᠶᠢᠭᠤᠯᠬᠤ ᠠᠵᠢᠯ ᠤᠨ ᠪᠠᠭ ᠨᠢᠬᠡᠨᠲᠠ ᠪᠠᠢᠢᠭᠤᠯᠤᠭᠳᠠᠵᠦ᠂ ᠬᠤᠯᠪᠤᠭᠳᠠᠯ ᠪᠦᠬᠦᠢ ᠲᠡᠭᠡᠲᠤ ᠰᠤᠷᠭᠠᠭᠤᠯᠢ᠂ ᠰᠠᠯᠠᠭ᠎ᠠ ᠮᠦᠴᠢᠷ ᠤᠨ ᠲᠤᠯᠭᠠᠭᠤᠷᠢ ᠬᠦᠴᠦᠨ ᠢ ᠳᠠᠶᠢᠴᠢᠯᠠᠵᠤ ᠪᠦᠲᠦᠭᠡᠨ ᠪᠠᠶᠢᠭᠤᠯᠬᠤ ᠠᠵᠢᠯ ᠢ ᠪᠦᠬᠦ ᠲᠠᠯ᠎ᠠ ᠪᠡᠷ ᠶᠡᠪᠤᠭᠳᠠᠭᠤᠯᠵᠤ ᠪᠤᠢ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
  • ᠴᠢᠩᠬᠢᠰ ᠬᠠᠭᠠᠨ ᠤ ᠴᠠᠭᠠᠨ ᠰᠦᠷᠦᠭ ᠤᠨ ᠶᠡᠭᠡ ᠳᠠᠶᠢᠯᠭ᠎ᠠ ᠶᠠᠪᠤᠭᠳᠠᠪᠠ
关闭
010070230030000000000000011100001121129370