蒙古文网站Logo
ᠰᠢᠨᠬᠤᠸᠠ ᠮᠤᠩᠭ᠋ᠤᠯ ᠨᠧᠲ

2017 ᠤᠨ ᠤ ᠦᠪᠦᠷ ᠮᠤᠩᠭᠤᠯ ᠤᠨ ᠪᠠᠭᠰᠢ ᠶᠢᠨ ᠬᠢᠷᠢ ᠬᠡᠮ ᠢ ᠦᠨᠡᠯᠡᠨ ᠲᠤᠭᠲᠠᠭᠠᠬᠤ ᠰᠢᠯᠭᠠᠯᠲᠠ ᠶᠢᠨ ᠬᠢᠷᠢ ᠲᠡᠩᠴᠡᠬᠦ ᠬᠤᠪᠢ ᠶᠢᠨ ᠱᠤᠭᠤᠮ ᠢ ᠨᠡᠶᠢᠲᠡᠯᠡᠪᠡ

2017-06-13 17:51

    ᠰᠢᠨᠬᠤᠧᠠ ᠮᠤᠩᠭᠤᠯ ᠨᠧᠲ   ᠬᠦᠬᠡᠬᠤᠲᠠ ᠶᠢᠨ 6 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) ᠦᠪᠦᠷ ᠮᠤᠩᠭᠤᠯ ᠤᠨ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠡᠴᠡ ᠤᠶᠢᠯᠠᠭᠠᠭᠰᠠᠨ ᠢᠶᠡᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠵᠦᠪᠰᠢᠶᠡᠷᠡᠯ ᠲᠠᠢ ᠪᠡᠷ᠂ 2017 ᠤᠨ ᠤ ᠦᠪᠦᠷ ᠮᠤᠩᠭᠤᠯ ᠤᠨ ᠪᠠᠭᠰᠢ ᠶᠢᠨ ᠬᠢᠷᠢ ᠬᠡᠮ ᠢ ᠦᠨᠡᠯᠡᠨ ᠲᠤᠭᠲᠠᠭᠠᠬᠤ ᠰᠢᠯᠭᠠᠯᠲᠠ ᠶᠢᠨ ᠬᠢᠷᠢ ᠲᠡᠩᠴᠡᠬᠦ ᠬᠤᠪᠢ ᠶᠢᠨ ᠱᠤᠭᠤᠮ ᠢ ᠨᠡᠶᠢᠲᠡᠯᠡᠪᠡ᠃

    ᠮᠤᠩᠭᠤᠯ ᠢᠶᠡᠷ ᠬᠢᠴᠢᠶᠡᠯᠯᠡᠬᠦ《ᠰᠤᠷᠭᠠᠨ ᠬᠦᠮᠦᠵᠢᠯ ᠤᠨ ᠤᠬᠠᠭᠠᠨ》᠂ 《ᠰᠤᠷᠭᠠᠨ ᠬᠦᠮᠦᠵᠢᠯ ᠤᠨ ᠰᠡᠳᠬᠢᠴᠡ ᠵᠦᠢ》 ᠶᠢᠨ ᠦᠨᠳᠦᠷ ᠵᠡᠷᠭᠡᠯᠡᠯ ᠤᠨ ᠬᠢᠷᠢ ᠲᠡᠩᠴᠡᠬᠦ ᠬᠤᠪᠢ ᠶᠢᠨ ᠱᠤᠭᠤᠮ ᠨᠢ ᠴᠦᠮ 45 ᠬᠤᠪᠢ᠂ ᠲᠤᠮᠲᠠ ᠵᠡᠷᠭᠡᠯᠡᠯ ᠤᠨ ᠬᠢᠷᠢ ᠲᠡᠩᠴᠡᠬᠦ ᠬᠤᠪᠢ ᠶᠢᠨ ᠱᠤᠭᠤᠮ  ᠨᠢ ᠴᠦᠮ 40 ᠬᠤᠪᠢ᠂ ᠠᠩᠬ᠎ᠠ ᠵᠡᠷᠭᠡᠯᠡᠯ ᠤᠨ ᠬᠢᠷᠢ ᠲᠡᠩᠴᠡᠬᠦ ᠬᠤᠪᠢ ᠶᠢᠨ ᠱᠤᠭᠤᠮ ᠨᠢ ᠲᠤᠰᠪᠤᠷᠢ 45 ᠬᠤᠪᠢ᠂ 35 ᠬᠤᠪᠢ ᠪᠤᠯᠤᠨ᠎ᠠ᠃

    ᠰᠢᠯᠭᠠᠭᠤᠯᠤᠭᠰᠠᠳ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠠᠯᠪᠠᠨ ᠨᠧᠲ ᠲᠤ ᠭᠠᠷᠴᠤ᠂ ᠪᠠᠭᠰᠢ ᠶᠢᠨ ᠬᠢᠷᠢ ᠬᠡᠮ ᠢ ᠦᠨᠡᠯᠡᠨ ᠲᠤᠭᠲᠠᠭᠠᠬᠤ ᠬᠠᠮᠢᠶᠠᠲᠠᠢ ᠲᠤᠭᠲᠠᠭᠠᠮᠵᠢ ᠶᠢ ᠤᠶᠢᠯᠠᠭᠠᠵᠤ ᠪᠤᠯᠤᠨ᠎ᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121136913