蒙古文网站Logo
ᠰᠢᠨᠬᠤᠸᠠ ᠮᠤᠩᠭ᠋ᠤᠯ ᠨᠧᠲ

ᠥᠪᠦᠷ ᠮᠣᠩᠭ᠋ᠤᠯ ᠤᠨ ᠴᠤᠷ ᠤᠨ ᠭᠠᠬᠴᠠ ᠦᠨᠳᠦᠰᠦᠨ ᠠᠩᠬᠢ ᠶᠢᠨ ᠤᠷᠠᠯᠢᠭ ᠤᠨ ᠶᠡᠬᠡ ᠳᠡᠭᠡᠲᠤ ᠰᠤᠷᠭᠠᠭᠤᠯᠢ ᠪᠠᠶᠢᠭᠤᠯᠤᠭᠳᠠᠪᠠ

2017-06-20 11:20

    ᠰᠢᠨᠬᠤᠧᠠ ᠬᠤᠷᠢᠶ᠎ᠠ  ᠬᠦᠬᠡᠬᠤᠲᠠ ᠶᠢᠨ 6 ᠰᠠᠷ᠎ᠠ ᠶᠢᠨ 19 ᠤ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠬᠴᠢ ᠬᠠᠯᠢᠨ᠎ᠠ) ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠴᠤᠷ ᠤᠨ ᠭᠠᠬᠴᠠ ᠦᠨᠳᠦᠰᠦᠨ ᠠᠩᠬᠢ ᠶᠢᠨ ᠤᠷᠠᠯᠢᠭ ᠤᠨ ᠶᠡᠬᠡ ᠳᠡᠭᠡᠲᠤ ᠰᠤᠷᠭᠠᠭᠤᠯᠢ — ᠥᠪᠦᠷ ᠮᠣᠩᠭ᠋ᠤᠯ ᠤᠨ ᠤᠷᠠᠯᠢᠭ ᠤᠨ ᠳᠡᠭᠡᠲᠤ ᠰᠤᠷᠭᠠᠭᠤᠯᠢ 19 ᠤ ᠡᠳᠦᠷ ᠪᠠᠶᠢᠭᠤᠯᠤᠭᠳᠠᠪᠠ᠃

    ᠥᠪᠦᠷ ᠮᠣᠩᠭ᠋ᠤᠯ ᠤᠨ ᠤᠷᠠᠯᠢᠭ ᠤᠨ ᠳᠡᠭᠡᠲᠤ ᠰᠤᠷᠭᠠᠭᠤᠯᠢ ᠪᠤᠯ ᠥᠪᠦᠷ ᠮᠣᠩᠭ᠋ᠤᠯ ᠤᠨ ᠲᠤᠰᠠᠭᠠᠷ ᠪᠠᠶᠢᠭᠤᠯᠤᠭᠰᠠᠨ ᠦᠨᠳᠦᠰᠦᠨ ᠠᠩᠬᠢ ᠶᠢᠨ ᠤᠷᠠᠯᠢᠭ ᠤᠨ ᠶᠡᠬᠡ ᠳᠡᠭᠡᠳᠤ ᠰᠤᠷᠭᠠᠭᠤᠯᠢ ᠪᠤᠯᠤᠨ᠎ᠠ᠃ 1957 ᠤᠨ ᠳᠤ ᠥᠪᠦᠷ ᠮᠣᠩᠭ᠋ᠤᠯ ᠤᠨ ᠤᠷᠠᠯᠢᠭ ᠤᠨ ᠰᠤᠷᠭᠠᠭᠤᠯᠢ ᠪᠠᠶᠢᠭᠤᠯᠤᠭᠳᠠᠵᠤ᠂1987 ᠤᠨ ᠳᠤ ᠥᠪᠦᠷ ᠮᠣᠩᠭ᠋ᠤᠯ ᠤᠨ ᠶᠡᠬᠡ ᠰᠤᠷᠭᠠᠭᠤᠯᠢ ᠳᠤ ᠨᠢᠬᠡᠳᠭᠡᠭ᠍ᠳᠡᠪᠡ᠃ 2015 ᠤᠨ ᠳᠤ᠂ ᠰᠤᠷᠭᠠᠨ ᠬᠦᠮᠦᠵᠢᠯ ᠤᠨ ᠶᠠᠮᠦᠨ ᠡᠴᠡ ᠥᠪᠦᠷ ᠮᠣᠩᠭ᠋ᠤᠯ ᠤᠨ ᠶᠡᠬᠡ ᠰᠤᠷᠭᠠᠭᠤᠯᠢ ᠤᠨ ᠤᠷᠠᠯᠢᠭ ᠤᠨ ᠳᠡᠭᠡᠲᠤ ᠰᠤᠷᠭᠠᠭᠤᠯᠢ ᠶᠢᠨ ᠰᠠᠭᠤᠷᠢ ᠳᠡᠭᠡᠷ᠎ᠠ ᠲᠤᠰᠠᠭᠠᠷ ᠥᠪᠦᠷ ᠮᠣᠩᠭ᠋ᠤᠯ ᠤᠨ ᠤᠷᠠᠯᠢᠭ ᠤᠨ ᠳᠡᠭᠡᠲᠤ ᠰᠤᠷᠭᠠᠭᠤᠯᠢ ᠶᠢ ᠪᠠᠶᠢᠭᠤᠯᠵᠤ᠂ ᠪᠦᠬᠦᠯᠢ ᠡᠳᠦᠷ ᠤᠨ ᠳᠦᠷᠢᠮᠲᠤ ᠠᠯᠪᠠᠨ ᠤ ᠦᠨᠳᠦᠰᠦᠨ ᠠᠩᠬᠢ ᠶᠢᠨ ᠶᠡᠬᠡ ᠳᠡᠭᠡᠳᠤ ᠰᠤᠷᠭᠠᠭᠤᠯᠢ ᠪᠤᠯᠭᠠᠬᠤ ᠶᠢ ᠵᠦᠪᠰᠢᠶᠡᠷᠡᠪᠡ᠃

    ᠤᠶᠢᠯᠠᠭᠠᠭᠰᠠᠨ ᠢᠶᠡᠷ᠂ ᠥᠪᠦᠷ ᠮᠣᠩᠭ᠋ᠤᠯ ᠤᠨ ᠤᠷᠠᠯᠢᠭ ᠤᠨ ᠳᠡᠭᠡᠲᠤ ᠰᠤᠷᠭᠠᠭᠤᠯᠢ ᠨᠢᠬᠡᠨᠲᠠ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ᠂ ᠦᠨᠳᠦᠰᠦᠨ ᠠᠩᠬᠢ᠂ ᠮᠠᠭᠢᠰᠲ᠋ᠷ᠂ ᠳ᠋ᠤᠺᠲ᠋ᠤᠷ ᠠᠰᠫᠢᠷᠠᠨᠲ ᠤᠨ  4 ᠰᠤᠷᠤᠯᠭ᠎ᠠ ᠤᠨ ᠨᠠᠮᠳᠡᠷ ᠲᠠᠢ ᠤᠷᠠᠯᠢᠭ ᠤᠨ ᠰᠤᠷᠭᠠᠨ ᠬᠦᠮᠦᠵᠢᠯ ᠤᠨ ᠪᠦᠷᠢᠨ ᠬᠦᠢᠴᠡᠳ ᠲᠤᠬᠲᠠᠯᠴᠠᠭ᠎ᠠ ᠪᠦᠷᠢᠯᠳᠤᠬᠦᠯᠵᠡᠢ᠃ ᠤᠳᠤᠬᠠᠨ ᠳᠤ᠂ ᠳᠠᠭᠤᠤ ᠬᠦᠭ᠍ᠵᠢᠮ᠂ ᠪᠦᠵᠢᠭ᠌᠂ ᠺᠢᠨᠣ᠋ ᠲᠧᠯᠸᠢᠰ ᠵᠦᠴᠦᠭᠡ᠂ ᠤᠷᠠᠨ ᠵᠢᠷᠤᠭ᠂ ᠤᠷᠠᠯᠢᠭ ᠤᠨ ᠳ᠋ᠢᠽᠠᠶᠢᠨ ᠵᠡᠷᠭᠡ 8 ᠰᠤᠷᠭᠠᠯᠲᠠ ᠶᠢᠨ ᠰᠠᠯᠪᠤᠷᠢ᠂ 18 ᠦᠨᠳᠦᠰᠦᠨ ᠠᠩᠬᠢ ᠶᠢᠨ ᠮᠡᠷᠭᠡᠵᠢᠯ ᠲᠠᠢ ᠪᠤᠯᠵᠠᠢ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121176347