蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ 2017 ᠤᠨ ᠤ ᠰᠤᠷᠤᠯᠭ᠎ᠠ ᠲᠡᠭᠦᠰᠬᠦ ᠶᠤᠰᠤᠯᠠᠯ ᠵᠢᠴᠢ ᠡᠷᠲᠡᠮ ᠤᠨ ᠴᠤᠯᠠ ᠤᠯᠭᠤᠬᠤ ᠶᠤᠰᠤᠯᠠᠯ  ᠦᠪᠡᠲᠡᠭᠰᠢ ᠪᠤᠯᠵᠤ ᠦᠩᠭᠡᠷᠡᠪᠡ

2017-06-26 11:32

    ᠰᠢᠨᠬᠤᠧᠠ ᠮᠤᠩᠭᠤᠯ ᠨᠧᠲ   ᠬᠦᠬᠡᠬᠤᠲᠠ ᠶᠢᠨ 6 ᠰᠠᠷ᠎ᠠ ᠶᠢᠨ 26 ᠤ ᠡᠲᠦᠷ ᠤᠨ ᠴᠠᠬᠢᠯᠭᠠᠨ ᠮᠡᠲᠡᠭᠡ   ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ 2017 ᠤᠨ ᠤ ᠰᠤᠷᠤᠯᠭ᠎ᠠ ᠲᠡᠭᠦᠰᠬᠦ ᠶᠤᠰᠤᠯᠠᠯ ᠵᠢᠴᠢ ᠡᠷᠲᠡᠮ ᠤᠨ ᠴᠤᠯᠠ ᠤᠯᠭᠤᠬᠤ ᠶᠤᠰᠤᠯᠠᠯ  23 ᠤ ᠡᠲᠦᠷ ᠲᠤᠰ ᠰᠤᠷᠭᠠᠭᠤᠯᠢ ᠶᠢᠨ ᠰᠠᠭᠰᠤᠨ ᠪᠦᠮᠪᠦᠭᠡ ᠶᠢᠨ ᠤᠷᠲᠤᠨ ᠳ᠋ᠤ ᠦᠪᠡᠲᠡᠭᠰᠢ ᠪᠤᠯᠵᠤ ᠦᠩᠭᠡᠷᠡᠪᠡ᠃

ᠰᠤᠷᠭᠠᠭᠤᠯᠢ ᠶᠢᠨ ᠵᠠᠬᠢᠷᠤᠯ ᠡᠴᠡ ᠲᠡᠭᠦᠰᠦᠭᠰᠡᠨ ᠰᠤᠷᠤᠭᠴᠢᠳ ᠲᠠᠭᠠᠨ ᠲᠤᠷᠠᠰᠬᠠᠯ ᠤᠨ ᠪᠤᠲᠠᠰ ᠬᠦᠷᠭᠡᠨ᠎ᠡ

    ᠶᠤᠰᠤᠯᠠᠯ ᠤᠨ ᠦᠶ᠎ᠠ ᠪᠡᠷ ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠶᠢᠨ ᠵᠠᠬᠢᠷᠤᠯ ᠴᠧᠨ ᠶᠦᠩ ᠱᠧᠩ ᠨᠡᠶᠢᠲᠡ ᠲᠡᠭᠦᠰᠦᠭᠰᠡᠨ ᠰᠤᠷᠤᠭᠴᠢᠳ ᠲᠠᠭᠠᠨ ᠪᠠᠶᠠᠷ ᠬᠦᠷᠭᠡᠬᠦ ᠶᠢᠨ ᠬᠠᠮᠲᠤ《ᠪᠤᠲᠠᠲᠠᠢ ᠶᠢ ᠡᠷᠬᠢᠮᠯᠡᠬᠦ ᠪᠤᠯ ᠦᠨᠳᠦᠰᠦᠲᠡᠨ ᠤ ᠶᠡᠬᠡ ᠰᠤᠷᠭᠠᠭᠤᠯᠢ ᠡᠴᠡ ᠲᠠᠨᠦᠰ ᠲᠤ ᠤᠯᠭᠤᠭᠰᠠᠨ ᠬᠦᠮᠦᠨ ᠤ ᠠᠮᠢᠲᠤᠷᠠᠯ ᠤᠨ ᠦᠨᠳᠦᠰᠦᠨ ᠰᠠᠭᠤᠷᠢ ᠮᠦᠨ》 ᠰᠡᠳᠦᠪᠲᠦ ᠶᠠᠷᠢᠶ᠎ᠠ ᠲᠠᠯᠪᠢᠪᠠ᠃ ᠲᠡᠷᠡᠪᠡᠷ᠂ 《ᠡᠷᠲᠡᠮ ᠳ᠋ᠤᠷ ᠨᠡᠪᠲᠡᠷᠡᠬᠦᠢ᠂ ᠵᠦᠢ ᠶᠢ ᠤᠬᠠᠬᠤᠢ᠂ ᠮᠤᠷᠠᠯ ᠢ ᠬᠦᠨᠳᠦᠳᠬᠡᠬᠦᠢ᠂ ᠰᠠᠶᠢᠨ ᠢ ᠡᠷᠬᠢᠮᠯᠡᠬᠦᠢ》ᠰᠤᠷᠭᠠᠭᠤᠯᠢ ᠶᠢᠨ ᠰᠤᠷᠲᠠᠯ ᠢᠶᠡᠨ ᠤᠯᠠᠮᠵᠢᠯᠠᠨ ᠪᠠᠲᠠᠷᠠᠭᠤᠯᠵᠤ᠂ ᠮᠡᠲᠡᠯᠭᠡ ᠴᠢᠲᠠᠪᠤᠷᠢ ᠪᠡᠷ ᠢᠶᠡᠨ ᠨᠠᠮ ᠪᠠ ᠡᠬᠡ ᠤᠷᠤᠨ ᠠᠷᠠᠳ ᠲᠦᠮᠡᠨ ᠳ᠋ᠡᠭᠡᠨ ᠬᠦᠴᠦᠨ ᠴᠢᠲᠠᠯ ᠢᠶᠡᠨ ᠡᠷᠬᠦᠵᠦ᠂ ᠲᠤᠮᠲᠠᠲᠤ ᠵᠢᠨ ᠮᠦᠷᠦᠭᠡᠲᠦᠯ ᠢᠶᠡᠨ ᠪᠠᠶᠠᠯᠡᠬᠦᠯᠦᠨ᠂ ᠵᠤᠷᠢᠭᠲᠠᠢ ᠪᠡᠷ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯ ᠦᠢᠯᠡᠰ ᠲᠡᠭᠡᠨ ᠭᠠᠪᠰᠢᠭᠠᠶᠢᠯᠠᠨ ᠠᠵᠢᠯᠯᠠᠨ᠂ ᠴᠠᠭ ᠦᠶ᠎ᠠ ᠶᠢᠨ ᠬᠤᠰᠢᠭᠤᠴᠢ ᠪᠤᠯᠬᠤ ᠶᠢ ᠬᠦᠰᠡᠨ ᠨᠡᠶᠢᠲᠡᠪᠡ᠃

    ᠮᠦᠨ ᠶᠤᠰᠤᠯᠠᠯ ᠤᠨ ᠦᠶ᠎ᠠ ᠪᠡᠷ᠂ ᠪᠠᠭᠰᠢ ᠪᠠ ᠭᠡᠷ ᠤᠨ ᠠᠬᠠᠮᠠᠳ᠂ ᠰᠤᠷᠤᠯᠭ᠎ᠠ ᠶᠢᠨ ᠬᠠᠨᠢᠲᠠᠨ᠂ ᠲᠡᠭᠦᠰᠬᠦ ᠰᠤᠷᠤᠭᠴᠢ᠂ ᠰᠤᠷᠭᠠᠭᠤᠯᠢ ᠳ᠋ᠤ ᠪᠠᠶᠢᠭ᠎ᠠ ᠰᠤᠷᠤᠭᠴᠢ ᠶᠢᠨ ᠲᠦᠯᠦᠭᠡᠯᠡᠭᠴᠢ ᠡᠴᠡ ᠦᠭᠡ ᠶᠠᠷᠢᠪᠠ᠃

    ᠤᠶᠢᠯᠠᠭᠠᠭᠰᠠᠨ ᠢᠶᠡᠷ᠂ ᠡᠨᠡ ᠤᠨ ᠳ᠋ᠤ ᠦᠪᠦᠷ ᠮᠤᠩᠭᠤᠯ ᠤᠨ ᠦᠨᠳᠦᠰᠦᠲᠡᠨ ᠤ ᠶᠡᠬᠡ ᠰᠤᠷᠭᠠᠭᠤᠯᠢ ᠡᠴᠡ ᠳ᠋ᠤᠺᠲ᠋ᠤᠷ 3᠂ ᠠᠰᠫᠢᠷᠠᠨᠲ 270 ᠂ ᠵᠢᠩᠬᠢᠨᠢ ᠠᠩᠬᠢ ᠪᠠ ᠲᠤᠰᠬᠠᠢ ᠮᠡᠷᠭᠡᠵᠢᠯ ᠤᠨ ᠤᠶᠤᠲᠠᠨ 4841᠂ ᠭᠠᠲᠠᠭᠠᠲᠤ ᠤᠶᠤᠲᠠᠨ 40 ᠬᠦᠮᠦᠨ ᠠᠮᠵᠢᠯᠲᠠ ᠲᠡᠢ ᠲᠡᠭᠦᠰᠴᠦ ᠡᠷᠲᠡᠮ ᠤᠨ ᠴᠤᠯᠠ ᠬᠠᠮᠠᠭᠠᠯᠠᠪᠠ᠃ ( ᠨᠠᠶᠢᠲᠠᠯᠠᠯ ᠵᠢᠷᠤᠭ ᠢ ᠪᠤᠤ ᠴᠢᠤᠧᠠᠨ )

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121210859