蒙古文网站Logo
ᠰᠢᠨᠬᠤᠸᠠ ᠮᠤᠩᠭ᠋ᠤᠯ ᠨᠧᠲ

ᠬᠦᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠦᠪᠦᠷ ᠮᠣᠩᠭᠣᠯ ᠤᠨ ᠠᠩᠬᠠᠳᠠᠭᠴᠢ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠤᠨ ᠰᠠᠭᠤᠷᠢᠨ ᠪᠤᠯᠪᠠ

2017-07-05 11:05

    ᠲᠦᠷᠦᠭᠦᠬᠡᠨ᠂ ᠬᠦᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ《 ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠤᠨ ᠰᠠᠭᠤᠷᠢᠨ》 ᠪᠤᠯᠤᠨ《 ᠤᠯᠤᠰ ᠤᠨ ᠤᠶᠤᠨ ᠤ ᠦᠮᠴᠢ ᠶᠢᠨ ᠡᠷᠬᠡ ᠶᠢᠨ ᠲᠤᠪᠴᠢᠶ᠎ᠠ ᠶᠢᠨ ᠲᠤᠰᠬᠠᠢ ᠠᠰᠢᠭ ᠤᠨ ᠬᠦᠬᠡᠬᠤᠲᠠ ᠳᠡᠬᠢ ᠤᠷᠤᠯᠠᠨ ᠭᠦᠢᠴᠡᠳᠭᠡᠬᠦ ᠠᠵᠢᠯᠯᠠᠬᠤ ᠦᠷᠲᠡᠭᠡ》 ᠬᠡᠮᠡᠬᠦ ᠢᠯᠡᠷᠬᠡᠶᠢᠯᠡᠯ ᠤᠯᠵᠤ᠂ ᠦᠪᠦᠷ ᠮᠣᠩᠭᠣᠯ ᠤᠨ ᠠᠩᠬᠠᠳᠠᠭᠴᠢ ᠳᠤᠮᠳᠠᠳᠤ ᠪᠠᠭ᠎ᠠ ᠰᠤᠷᠭᠠᠭᠤᠯᠢ ᠶᠢᠨ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠤᠨ ᠰᠠᠭᠤᠷᠢᠨ ᠪᠤᠯᠤᠨ ᠤᠷᠤᠯᠠᠨ ᠭᠦᠢᠴᠡᠳᠭᠡᠬᠦ ᠠᠵᠢᠯᠯᠠᠬᠤ ᠦᠷᠲᠡᠭᠡ ᠪᠤᠯᠤᠭᠰᠠᠨ ᠪᠠᠶᠢᠨ᠎ᠠ᠃

    ᠬᠦᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠰᠡᠭᠦᠯ ᠤᠨ ᠵᠢᠯ ᠤᠳ ᠲᠤ ᠲᠸᠭ᠍ᠨᠤᠯᠤᠭᠢ᠂ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠢᠶᠡᠷ ᠭᠤᠤᠯ ᠠᠭᠤᠯᠭ᠎ᠠ ᠪᠡᠨ ᠪᠤᠯᠭᠠᠭᠰᠠᠨ ᠰᠢᠨ᠎ᠠ ᠡᠭᠦᠳᠦᠯᠲᠡ ᠶᠢᠨ ᠰᠤᠷᠭᠠᠨ ᠬᠦᠮᠦᠵᠢᠯ ᠢ ᠬᠦᠨᠳᠦᠳᠭᠡᠵᠤ᠂ ᠰᠤᠷᠭᠠᠭᠤᠯᠢ ᠶᠢᠨ ᠵᠠᠬᠢᠷᠤᠯ᠂ ᠱᠦᠵᠢ ᠪᠡᠷ ᠪᠠᠭ ᠤᠨ ᠠᠬᠠᠯᠠᠭᠴᠢ ᠪᠤᠯᠭᠠᠭᠰᠠᠨ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠤᠨ ᠠᠵᠢᠯ ᠤᠨ ᠵᠢᠯᠤᠭᠤᠳᠬᠤ ᠪᠠᠭ ᠪᠠᠶᠢᠭᠤᠯᠤᠨ᠂ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠤᠨ ᠠᠵᠢᠯ ᠤᠨ ᠬᠠᠮᠢᠶᠠᠷᠤᠯᠲᠠ ᠶᠢᠨ ᠳᠦᠷᠢᠮ ᠲᠤᠭᠲᠠᠭᠠᠯ ᠢ ᠲᠡᠭᠦᠯᠳᠡᠷᠵᠢᠭᠦᠯᠪᠠ᠃ ᠦᠨᠳᠦᠷ ᠰᠤᠷᠤᠯᠭ᠎ᠠ ᠶᠢᠨ ᠨᠠᠮᠲᠠᠷ ᠲᠠᠢ᠂ ᠦᠨᠳᠦᠷ ᠬᠢᠷᠢ ᠲᠦᠪᠰᠢᠨ ᠤ ᠵᠠᠯᠠᠭᠤᠵᠢᠭᠰᠠᠨ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠤᠨ ᠳᠠᠳᠤᠯᠭᠠᠵᠢᠭᠤᠯᠬᠤ ᠪᠠᠭ ᠪᠠᠶᠢᠭᠤᠯᠤᠬᠤ ᠶᠢᠨ ᠬᠠᠮᠲᠤ ᠤᠶᠤᠨ ᠤ ᠦᠮᠴᠢ ᠶᠢᠨ ᠡᠷᠬᠡ ᠶᠢᠨ ᠰᠤᠷᠭᠠᠨ ᠬᠦᠮᠦᠵᠢᠯ ᠲᠠᠢ ᠬᠠᠮᠢᠶ᠎ᠠ ᠪᠦᠬᠦᠢ ᠬᠢᠴᠢᠶᠡᠯ ᠨᠡᠭᠡᠭᠡᠵᠤ᠂ ᠰᠤᠷᠤᠭᠴᠢᠳ ᠢ ᠡᠯ᠎ᠠ ᠲᠦᠷᠦᠯ ᠤᠨ ᠲᠸᠭ᠍ᠨᠤᠯᠤᠭᠢ ᠶᠢᠨ ᠰᠢᠨ᠎ᠠ ᠡᠭᠦᠳᠦᠯᠲᠠ ᠶᠢᠨ ᠤᠷᠤᠯᠳᠤᠭᠠᠨ ᠪᠤᠯᠤᠨ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠠᠢ ᠤᠷᠤᠯᠴᠠᠭᠤᠯᠤᠨ᠂ ᠬᠢᠴᠢᠶᠡᠯ ᠤᠨ ᠳᠤᠲᠤᠨ᠎ᠠ ᠭᠠᠳᠠᠨᠠᠬᠢ ᠡᠯ᠎᠎ᠡ ᠵᠦᠢᠯ ᠤᠨ ᠡᠬᠢ ᠪᠠᠶᠠᠯᠢᠭ ᠢ ᠠᠰᠢᠭᠯᠠᠵᠤ᠂ ᠤᠶᠤᠨ ᠤ ᠦᠮᠴᠢ ᠶᠢᠨ ᠡᠷᠬᠡ ᠶᠢᠨ ᠮᠡᠳᠡᠯᠭᠡ ᠶᠢ ᠤᠬᠠᠭᠤᠯᠤᠨ ᠳᠦᠭᠡᠮᠡᠯᠵᠢᠭᠦᠯᠵᠤ᠂ ᠪᠠᠭᠰᠢ ᠰᠤᠷᠤᠭᠴᠢᠳ ᠤᠨ ᠤᠶᠤᠨ ᠤ ᠦᠮᠴᠢ ᠶᠢᠨ ᠡᠷᠬᠡ ᠪᠡᠨ ᠬᠠᠮᠠᠭᠠᠯᠠᠬᠤ ᠤᠬᠠᠮᠰᠠᠷ ᠢ ᠳᠡᠭᠡᠭ᠍ᠰᠢᠯᠡᠭᠦᠯᠬᠦ ᠪᠡᠷ ᠴᠢᠷᠮᠠᠶᠢᠵᠠᠢ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121267434