蒙古文网站Logo
ᠰᠢᠨᠬᠤᠸᠠ ᠮᠤᠩᠭ᠋ᠤᠯ ᠨᠧᠲ

2017 ᠤᠨ ᠤ ᠰᠦᠢᠳᠭᠡᠯ ᠬᠤᠷᠢᠶᠠᠬᠤ ᠦᠭᠡᠢ ᠪᠠᠭᠰᠢ ᠶᠢᠨ ᠰᠤᠷᠭᠠᠭᠤᠯᠢ ᠶᠢᠨ ᠰᠤᠷᠤᠭᠴᠢ ᠡᠯᠰᠡᠬᠦ ᠲᠦᠯᠦᠪᠯᠡᠭᠡ ᠪᠡᠷ ᠦᠪᠦᠷ ᠮᠣᠩᠭᠣᠯ  ᠡᠴᠡ 280 ᠰᠤᠷᠤᠭᠴᠢ ᠡᠯᠰᠡᠨ᠎ᠠ

2017-07-05 11:05

    ᠦᠪᠦᠷ ᠮᠣᠩᠭᠣᠯ ᠤᠨ ᠥᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠡᠴᠡ ᠤᠢᠢᠯᠠᠭᠠᠭᠰᠠᠨ ᠵᠢᠡᠷ᠋᠂ ᠡᠨᠡ ᠵᠢᠯ ᠤᠯᠤᠰ ᠤᠨ ᠪᠠᠭᠰᠢ ᠵᠢᠨ ᠰᠤᠷᠭᠠᠭᠤᠯᠢ ᠶᠢᠨ ᠰᠦᠢᠳᠬᠡᠯ ᠬᠤᠷᠢᠶᠠᠬᠤ ᠦᠬᠡᠢ ᠪᠡᠷ᠋ ᠰᠤᠷᠤᠭᠴᠢ ᠡᠯᠰᠡᠬᠦ ᠲᠦᠯᠦᠪᠯᠡᠬᠡ ᠪᠡᠷ᠋ ᠦᠪᠦᠷ ᠮᠣᠩᠭᠣᠯ ᠡᠴᠡ 280 ᠰᠤᠷᠤᠭᠴᠢ ᠡᠯᠰᠡᠨ᠎ᠠ᠃᠍

    ᠰᠤᠷᠤᠭᠴᠢ ᠡᠯᠰᠡᠬᠦ ᠠᠵᠢᠯ ᠢ ᠵᠢᠩᠬᠢᠨᠢ ᠠᠩᠬᠢ ᠵᠢᠨ ᠤᠷᠢᠳᠴᠢᠯᠠᠨ ᠡᠯᠰᠡᠬᠦ A ᠪᠦᠯᠦᠭ ᠲᠤ ᠳᠤᠬᠢᠷᠠᠭᠤᠯᠵᠤ᠂ ᠪᠠᠷᠠᠭᠤᠨ ᠡᠮᠦᠨᠡᠳᠤ ᠶᠢᠨ ᠶᠡᠬᠡ ᠰᠤᠷᠭᠠᠭᠤᠯᠢ᠂ ᠪᠡᠬᠡᠵᠢᠩ ᠤᠨ ᠪᠠᠭᠰᠢ ᠶᠢᠨ ᠶᠡᠬᠡ ᠰᠤᠷᠭᠠᠭᠤᠯᠢ᠂ ᠵᠡᠬᠦᠨ ᠬᠤᠶᠢᠲᠤ ᠶᠢᠨ ᠪᠠᠭᠰᠢ ᠵᠢᠨ ᠶᠡᠬᠡ ᠰᠤᠷᠭᠠᠭᠤᠯᠢ᠂ ᠱᠠᠨᠰᠢ ᠵᠢᠨ ᠪᠠᠭᠰᠢ ᠶᠢᠨ ᠶᠡᠬᠡ ᠰᠤᠷᠭᠠᠭᠤᠯᠢ᠂ ᠬᠤᠸᠠ ᠳ᠋ᠦᠩ ᠪᠠᠭᠰᠢ ᠵᠢᠨ ᠶᠡᠬᠡ ᠰᠤᠷᠭᠠᠭᠤᠯᠢ᠂ ᠬᠤᠸᠠ ᠵᠦᠩ ᠪᠠᠭᠰᠢ ᠵᠢᠨ ᠶᠡᠬᠡ ᠰᠤᠷᠭᠠᠭᠤᠯᠢ ᠵᠡᠷᠬᠡ6 ᠰᠤᠷᠭᠠᠭᠤᠯᠢ ᠦᠪᠦᠷ ᠮᠣᠩᠭᠣᠯ  ᠡᠴᠡ ᠨᠡᠢᠢᠳᠡ 280 ᠰᠤᠷᠤᠭᠴᠢ ᠡᠯᠰᠡᠨ᠎ᠠ᠃᠍

    ᠰᠦᠢᠳᠭᠡᠯ ᠬᠤᠷᠢᠶᠠᠬᠤ ᠦᠬᠡᠢ ᠪᠠᠭᠰᠢ ᠵᠢᠨ ᠲᠤᠰᠬᠠᠢ ᠮᠡᠷᠭᠡᠵᠢᠯ ᠤᠨ ᠰᠤᠷᠤᠭᠴᠢ ᠰᠤᠷᠭᠠᠭᠤᠯᠢ ᠳ᠋ᠦ ᠣᠷᠤᠬᠤ ᠡᠴᠡ ᠡᠮᠦᠨ᠎ᠠ᠂ ᠰᠤᠷᠭᠠᠭᠤᠯᠢ ᠪᠠ ᠤᠶᠤᠲᠠᠳ ᠤᠨ ᠢᠷᠡᠯᠲᠡ ᠶᠢᠨ ᠪᠠᠢᠢᠭ᠎ᠠ ᠭᠠᠵᠠᠷ᠋ ᠤᠨ ᠮᠣᠵᠢ ᠶᠢᠨ ᠳᠡᠰ ᠤᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ᠋ ᠲᠠᠢ ᠵᠦᠪᠯᠡᠯᠴᠡᠬᠡᠷ᠋ ᠲᠣᠭᠲᠠᠵᠤ᠂ ᠲᠡᠭᠦᠰᠦᠭᠰᠡᠨ ᠤ ᠰᠡᠭᠦᠯᠡᠷ᠋ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠢ ᠠᠷᠪᠠᠨ ᠵᠢᠯ ᠪᠣᠶᠤ ᠠᠷᠪᠠᠨ ᠵᠢᠯ ᠡᠴᠡ ᠳᠡᠭᠡᠭ᠍ᠰᠢ ᠬᠤᠭᠤᠴᠠᠭ᠎ᠠ ᠬᠢᠬᠦ ᠪᠡᠷ᠋ ᠠᠮᠠᠯᠠᠬᠤ ᠬᠡᠷᠡᠭᠳᠡᠢ᠃᠍ ᠬᠤᠲᠠ ᠪᠠᠯᠭᠠᠰᠤ ᠵᠢᠨ ᠰᠤᠷᠭᠠᠭᠤᠯᠢ ᠳ᠋ᠤ ᠬᠦᠷᠴᠦ ᠪᠠᠭᠰᠢᠯᠬᠠᠤ ᠰᠦᠢᠳᠬᠡᠯ ᠬᠤᠷᠢᠶᠠᠬᠤ ᠦᠬᠡᠢ ᠬᠦᠮᠦᠵᠢᠬᠦᠯᠦᠭᠰᠡᠨ ᠪᠠᠭᠰᠢ ᠵᠢᠨ ᠰᠤᠷᠭᠠᠭᠤᠯᠢ ᠵᠢᠨ ᠰᠤᠷᠤᠭᠴᠢ ᠤᠷᠢᠳᠠᠪᠡᠷ᠋ ᠦᠨᠳᠦᠰᠦᠨ ᠱᠠᠳᠤᠨ ᠳ᠋ᠤ ᠤᠴᠢᠵᠤ 2 ᠵᠢᠯ ᠠᠵᠢᠯᠯᠠᠭᠰᠠᠨ ᠪᠠᠢᠢᠬᠤ ᠬᠡᠷᠡᠭᠳᠡᠢ᠃᠍ ᠵᠦᠪᠳᠡᠯᠴᠡᠬᠡᠷ᠋ ᠶᠣᠰᠤᠭᠠᠷ᠋ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠠᠵᠢᠯ ᠢ ᠬᠢᠭ᠍ᠰᠡᠨ ᠦᠭᠡᠢ ᠬᠦᠮᠦᠰ ᠡᠴᠡ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠬᠦᠷᠳᠡᠭᠰᠡᠨ ᠬᠤᠭᠤᠴᠠᠭᠠᠨ ᠳᠡᠬᠢ ᠵᠠᠷᠤᠳᠠᠯ ᠪᠠ ᠵᠦᠪᠳᠡᠯᠴᠡᠬᠡᠷ᠋ ᠡᠴᠡ ᠵᠦᠷᠢᠴᠡᠭᠰᠡᠨ ᠵᠠᠷᠤᠳᠠᠯ ᠮᠦᠩᠬᠦ ᠬᠤᠷᠢᠶᠠᠨ᠎ᠠ᠃

ᠢᠷᠡᠯᠳᠡ᠄ ᠠᠷᠠᠳ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭