蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠬᠡᠯᠡ ᠪᠢᠴᠢᠭ᠌ ᠳᠡᠤᠬᠡ ᠵᠡᠷᠬᠡ ᠬᠢᠴᠢᠶᠡᠯ ᠳᠦᠷᠦᠯ ᠤᠨ ᠰᠤᠷᠭᠠᠯᠳᠠ ᠳᠤ ᠡᠷᠬᠡᠪᠰᠢ ᠳᠦᠷᠢᠮᠵᠢᠭᠰᠡᠨ ᠵᠢᠭᠠᠬᠤ ᠮᠠᠲ᠋ᠧᠷᠢᠶᠠᠯ ᠬᠡᠷᠡᠭᠯᠡᠬᠦ ᠬᠡᠷᠡᠭᠳᠡᠢ

2017-07-06 15:18

    ᠰᠢᠨᠬᠤᠸᠠ ᠬᠣᠷᠢᠶ᠎ᠠ   ᠪᠡᠬᠡᠵᠢᠩ ᠤᠨ 7 ᠰᠠᠷ᠎ᠠ ᠶ᠋ᠢᠨ 4 ᠦ ᠡᠳᠦᠷ ᠤᠨ ᠴᠠᠬᠢᠯᠭᠠᠨ ᠮᠡᠳᠡᠭᠡ (ᠰᠤᠷᠪᠤᠯᠵᠢᠯᠠᠭᠴᠢ ᠱᠢ ᠢᠤᠢ ᠰᠧᠨ) ᠰᠤᠷᠪᠤᠯᠵᠢᠯᠠᠭᠴᠢ 4 ᠤ ᠡᠳᠦᠷ ᠰᠤᠷᠭᠠᠨ ᠬᠦᠮᠦᠵᠢᠯ ᠦᠨ ᠶᠠᠮᠤᠨ ᠡᠴᠠ ᠣᠶᠢᠯᠠᠭᠠᠭᠰᠠᠨ ᠢᠶᠠᠷ᠂ ᠠᠯᠪᠠᠨ ᠵᠢᠷᠤᠮ ᠤᠨ ᠰᠤᠷᠭᠠᠨ ᠬᠦᠮᠦᠵᠢᠯ ᠦᠨ ᠱᠠᠲᠤᠨ ᠳ᠋ᠠᠬᠢ ᠶᠣᠰᠤ ᠮᠤᠷᠠᠯ ᠪᠠ ᠬᠠᠥᠯᠢᠵᠢᠯ᠂ ᠬᠡᠯᠡ ᠪᠢᠴᠢᠭ᠌᠂ ᠲᠡᠥᠬᠡ ᠪᠣᠯᠣᠨ ᠪᠠᠭ᠎ᠠ ᠰᠤᠷᠭᠠᠭᠤᠯᠢ ᠶ᠋ᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠳ᠋ᠥ ᠬᠡᠷᠡᠭᠯᠡᠬᠦ ᠨᠣᠮ ᠢ ᠰᠠᠶᠢᠲᠤᠷ ᠬᠢᠬᠦ ᠶ᠋ᠢᠨ ᠲᠦᠯᠦᠭᠡ᠂ ᠰᠤᠷᠭᠠᠨ ᠬᠦᠮᠦᠵᠢᠯ ᠦᠨ ᠶᠠᠮᠤᠨ ᠣᠶᠢᠷ᠎ᠠ ᠳ᠋ᠥ ᠮᠡᠳᠡᠭᠳᠡᠯ ᠨᠡᠶᠢᠲᠡᠯᠡᠵᠦ᠂ ᠬᠣᠯᠪᠤᠭᠳᠠᠯ ᠪᠦᠬᠦᠢ ᠵᠢᠭᠠᠨ ᠰᠤᠷᠭᠠᠯᠲᠠ ᠳ᠋ᠤ ᠡᠷᠬᠡᠪᠰᠢ 《2017 ᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠦᠨ ᠶᠣᠰᠤ ᠮᠤᠷᠠᠯ ᠪᠠ ᠬᠠᠥᠯᠢᠵᠢᠯ᠂ ᠬᠡᠯᠡ ᠪᠢᠴᠢᠭ᠌᠂ ᠲᠡᠥᠬᠡ ᠪᠣᠯᠣᠨ ᠪᠠᠭ᠎ᠠ ᠰᠤᠷᠭᠠᠭᠤᠯᠢ ᠶ᠋ᠢᠨ ᠰᠢᠨᠵᠢᠯᠡᠬᠦ ᠤᠬᠠᠭᠠᠨ ᠤ ᠵᠢᠭᠠᠨ ᠰᠤᠷᠭᠠᠯᠲᠠ ᠶ᠋ᠢᠨ ᠨᠣᠮ ᠤᠨ ᠭᠠᠷᠴᠠᠭ》 ᠲᠤ ᠨᠡᠶᠢᠲᠡᠯᠡᠭᠰᠡᠨ ᠵᠢᠭᠠᠬᠤ ᠮᠠᠲ᠋ᠧᠷᠢᠶᠠᠯ ᠢ ᠬᠡᠷᠡᠭᠯᠡᠬᠦ ᠬᠡᠷᠡᠭᠲᠡᠢ ᠬᠡᠮᠡᠨ ᠱᠠᠭᠠᠷᠳᠠᠭᠰᠠᠨ ᠪᠠᠶᠢᠨ᠎ᠠ᠃

    2017 ᠣᠨ ᠡᠴᠠ ᠡᠬᠢᠯᠡᠭᠰᠡᠨ ᠪᠠᠭ᠎ᠠ ᠰᠤᠷᠭᠠᠭᠤᠯᠢ  ᠶ᠋ᠢᠨ ᠨᠢᠭᠡᠳᠦᠭᠡᠷ ᠣᠨ ᠤ ᠰᠢᠨᠵᠢᠯᠡᠬᠦ ᠤᠬᠠᠭᠠᠨ ᠤ ᠬᠢᠴᠢᠶᠡᠯ ᠦᠨ ᠲᠤᠬᠠᠢ ᠮᠡᠳᠡᠭᠳᠡᠯ ᠳ᠋ᠤ᠂ ᠡᠯ᠎ᠡ ᠨᠠᠶᠢᠷᠠᠭᠤᠯᠤᠨ ᠬᠡᠪᠯᠡᠭᠦᠯᠬᠦ ᠨᠢᠭᠡᠴᠡ ᠡᠴᠡ ᠰᠢᠨ᠎ᠡ ᠬᠢᠴᠢᠶᠡᠯ ᠦᠨ ᠪᠠᠷᠢᠮᠵᠢᠶ᠎ᠠ ᠶ᠋ᠢ ᠦᠨᠳᠦᠰᠦᠯᠡᠨ ᠣᠳᠣ ᠶ᠋ᠢᠨ ᠬᠡᠷᠡᠭᠯᠡᠵᠦ ᠪᠠᠶᠢᠭ᠎ᠠ ᠪᠠᠭ᠎ᠠ ᠰᠤᠷᠭᠠᠭᠤᠯᠢ ᠶ᠋ᠢᠨ ᠰᠢᠨᠵᠢᠯᠡᠬᠦ ᠤᠬᠠᠭᠠᠨ ᠤ ᠬᠢᠴᠢᠶᠡᠯ ᠦᠨ ᠪᠢᠴᠢᠭ᠌ ᠲᠦ ᠵᠠᠰᠠᠪᠤᠷᠢ ᠣᠷᠣᠭᠤᠯᠤᠭᠰᠠᠨ ᠪᠦᠭᠡᠳ ᠨᠢᠭᠡ᠂ ᠬᠣᠶᠠᠳᠤᠭᠠᠷ ᠣᠨ ᠤ ᠵᠢᠭᠠᠬᠤ ᠮᠠᠲ᠋ᠧᠷᠢᠶᠠᠯ ᠢ ᠨᠡᠮᠡᠨ ᠨᠠᠶᠢᠷᠠᠭᠤᠯᠬᠤ ᠬᠡᠷᠡᠭᠲᠡᠢ ᠭᠡᠵᠠᠢ᠃

    ᠮᠡᠳᠡᠭᠳᠡᠯ ᠳ᠋ᠦ ᠪᠠᠰᠠ᠂ ᠪᠤᠢ ᠪᠦᠬᠦᠢ ᠵᠢᠭᠠᠬᠤ ᠮᠠᠲ᠋ᠧᠷᠢᠶᠠᠯ ᠳ᠋ᠤ ᠢᠯᠡᠭᠦᠴᠡ ᠵᠢᠭᠠᠨ ᠰᠤᠷᠭᠠᠬᠤ ᠲᠤᠰᠠᠯᠠᠬᠤ ᠮᠠᠲ᠋ᠧᠷᠢᠶᠠᠯ ᠬᠠᠩᠭᠠᠬᠤ ᠪᠠ ᠬᠠᠮᠢᠶᠠᠳᠠᠢ ᠨᠧᠲ ᠬᠠᠶ᠊ᠢᠭ᠂ ᠬᠣᠶᠠᠷ ᠬᠡᠮᠵᠢᠯᠳᠡᠲᠦ ᠺᠣᠳ᠋ ᠵᠡᠷᠭᠡ ᠮᠡᠳᠡᠭᠡ ᠵᠠᠩᠭᠢ ᠪᠠᠶᠢᠵᠤ ᠪᠣᠯᠬᠤ ᠦᠭᠡᠢ ᠬᠡᠮᠡᠨ ᠲᠣᠳᠣᠷᠬᠠᠶᠢᠯᠠᠬᠤ ᠶ᠋ᠢᠨ ᠬᠠᠮᠲᠤ᠂ ᠡᠯ᠎ᠡ ᠭᠠᠵᠠᠷ ᠤᠨ ᠬᠢᠨ ᠨᠢᠭᠡᠲᠦᠯᠲᠡᠢ ᠲᠦᠯᠦᠪᠯᠡᠨ ᠲᠣᠬᠢᠷᠠᠭᠤᠯᠵᠤ᠂ ᠬᠢᠴᠢᠶᠡᠯ ᠡᠴᠡ ᠡᠮᠦᠨ᠎ᠡ ᠨᠣᠮ ᠬᠦᠷᠬᠦ ᠶ᠋ᠢ ᠵᠠᠪᠠᠯ ᠪᠠᠲᠤᠯᠠᠬᠤ ᠬᠡᠷᠡᠭᠲᠡᠢ ᠬᠡᠮᠡᠨ ᠱᠠᠭᠠᠷᠳᠠᠵᠠᠢ᠃

ᠢᠷᠡᠯᠳᠡ᠄ ᠰᠢᠨᠬᠤᠸᠠ ᠬᠣᠷᠢᠶ᠎ᠠ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120701121275514