蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠤᠨ 7 ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠠ ᠦᠵᠡᠭᠦᠯᠬᠦ ᠲᠦᠪ ᠢᠶᠡᠷ ᠦᠨᠡᠯᠡᠭᠳᠡᠪᠡ

2017-07-08 13:06

    ᠶᠡᠬᠡ ᠲᠡᠭᠡᠲᠤ ᠰᠤᠷᠭᠠᠭᠤᠯᠢ ᠶᠢᠨ ᠲᠡᠪᠰᠢᠭᠦᠯᠦᠯᠲᠡ ᠪᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠰᠢᠯᠢᠨ ᠰᠤᠩᠭᠤᠯᠲᠠ ᠪᠤᠯᠤᠨ ᠨᠸᠲ ᠲᠤ ᠵᠠᠷᠯᠠᠭᠠᠳ ᠲᠦᠷᠦᠭᠦᠬᠡᠨ ᠦᠪᠦᠷ ᠮᠣᠩᠭᠣᠯ ᠤᠨ 7 ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠠ ᠦᠵᠡᠭᠦᠯᠬᠦ ᠲᠦᠪ ᠢᠶᠡᠷ ᠦᠨᠡᠯᠡᠭᠳᠡᠪᠡ᠃

    ᠦᠨᠡᠯᠡᠭᠳᠡᠭᠰᠡᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ ᠲᠤ ᠤᠯᠠᠭᠠᠨᠬᠠᠲᠠ ᠲᠡᠭᠡᠲᠤ ᠰᠤᠷᠭᠠᠭᠤᠯᠢ ᠶᠢᠨ ᠠᠮᠠᠨ ᠬᠦᠨᠳᠡᠢ ᠶᠢᠨ ᠠᠨᠠᠭᠠᠬᠤ ᠤᠬᠠᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ᠂ ᠬᠦᠯᠦᠨ ᠪᠤᠶᠢᠷ ᠲᠡᠭᠡᠲᠤ ᠰᠤᠷᠭᠠᠭᠤᠯᠢ ᠶᠢᠨ ᠺᠤᠮᠫᠢᠦ᠋ᠲ᠋ᠸᠷ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ᠂ ᠵᠢᠨᠢᠩ ᠤᠨ ᠪᠠᠭᠰᠢ ᠳᠡᠭᠡᠲᠤ ᠰᠤᠷᠭᠠᠭᠤᠯᠢ ᠶᠢᠨ ᠹᠢᠽᠢᠺ ᠪᠤᠯᠤᠨ ᠡᠯᠸᠺᠲ᠋ᠷᠤᠨ ᠰᠤᠷᠠᠭ ᠵᠠᠩᠭᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ᠂ ᠪᠤᠷᠤᠲᠤᠬᠤᠢ ᠲᠡᠭᠡᠲᠤ ᠰᠤᠷᠭᠠᠭᠤᠯᠢ ᠶᠢᠨ ᠬᠦᠳᠡᠭᠡ ᠠᠵᠤ ᠠᠬᠤᠢ ᠶᠢᠨ ᠤᠬᠠᠭᠠᠨ ᠤ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ᠂ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠤᠰᠤᠨ ᠤ ᠴᠢᠨᠠᠷ ᠤᠨ ᠰᠢᠨᠵᠢᠯᠡᠬᠦ ᠤᠬᠠᠭᠠᠨ ᠵᠢᠴᠢ ᠲᠸᠭ᠍ᠨᠢᠭ᠌ ᠤᠨ ᠮᠡᠷᠭᠡᠵᠢᠯ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ᠂ ᠦᠪᠦᠷ ᠮᠣᠩᠭᠣᠯ ᠤᠨ ᠤᠷᠠᠯᠢᠭ ᠤᠨ ᠲᠡᠭᠡᠲᠤ ᠰᠤᠷᠭᠠᠭᠤᠯᠢ ᠶᠢᠨ ᠰᠢᠨ᠎ᠠ ᠵᠠᠭᠤᠴᠢᠯᠠᠭᠤᠷ ᠤᠨ ᠤᠷᠠᠯᠢᠭ ᠪᠤᠯᠤᠨ ᠬᠡᠶᠢᠰᠪᠦᠷᠢ ᠳᠠᠭᠤᠷᠢᠶᠠᠮᠠᠯ ᠶᠡᠷᠦᠩᠬᠡᠶᠢᠯᠡᠭᠰᠡᠨ ᠤᠷᠠᠯᠢᠭ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ᠂ ᠤᠷᠳᠤᠰ ᠬᠡᠷᠡᠭᠯᠡᠭᠡᠨ ᠤ ᠮᠡᠷᠭᠡᠵᠢᠯ ᠤᠨ ᠲᠡᠭᠡᠲᠤ ᠰᠤᠷᠭᠠᠭᠤᠯᠢ ᠶᠢᠨ ᠹᠢᠽᠢᠺ ᠪᠤᠯᠤᠨ ᠡᠯᠸᠺᠲ᠋ᠷᠤᠨ ᠰᠤᠷᠠᠭ ᠵᠠᠩᠭᠢ ᠶᠢᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠲᠦᠪ ᠪᠠᠭᠳᠠᠨ᠎ᠠ᠃ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠵᠡᠷᠭᠡᠯᠡᠯ ᠤᠨ ᠲᠤᠷᠰᠢᠯᠲᠠ ᠶᠢᠨ ᠵᠢᠭᠠᠨ ᠰᠤᠷᠭᠠᠯᠲᠠ ᠶᠢᠨ ᠵᠢᠱᠢᠶ᠎ᠠ ᠦᠵᠡᠭᠦᠯᠬᠦ ᠲᠦᠪ ᠤᠨ ᠪᠦᠲᠦᠭᠡᠨ ᠪᠠᠶᠢᠭᠤᠯᠬᠤ ᠨᠢᠭᠡᠴᠡ ᠶᠢᠨ ᠪᠠᠶᠢᠭᠤᠯᠤᠯᠲᠠ ᠶᠢᠨ ᠬᠤᠭᠤᠴᠠᠭ᠎᠎ᠠ ᠨᠢ ᠨᠢᠭᠡ ᠵᠢᠯ᠂ 2018 ᠤᠨ ᠳᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠡ ᠡᠳᠡᠭᠡᠷ ᠨᠢᠭᠡᠴᠡ ᠳᠤ ᠪᠠᠶᠢᠴᠠᠭᠠᠯᠲᠠ ᠬᠢᠵᠤ ᠬᠢᠨᠠᠨ ᠰᠢᠯᠭᠠᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121286216