蒙古文网站Logo
ᠰᠢᠨᠬᠤᠸᠠ ᠮᠤᠩᠭ᠋ᠤᠯ ᠨᠧᠲ

ᠳᠠᠭᠤᠤ ᠬᠤᠭᠤᠷ ᠲᠠᠢ ᠤᠶᠤᠲᠠᠨ ᠨᠠᠰᠤ

2017-07-12 11:28

    ᠰᠢᠨᠬᠤᠸᠠ ᠮᠣᠩᠭᠣᠯ ᠨᠸᠲ   ᠬᠦᠬᠡᠬᠤᠲᠠ ᠶᠢᠨ 7 ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ (ᠬᠡᠤᠬᠡᠨᠰᠤᠯᠢ) ᠤᠶᠢᠷ᠎ᠠ ᠶᠢᠨ ᠬᠤᠭᠤᠴᠠᠭᠠ ᠳᠤ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠲᠤᠬᠢᠶᠠᠯᠳᠤᠭᠤᠯᠤᠨ ᠦᠪᠦᠷ ᠮᠣᠩᠭᠣᠯ ᠤᠨ ᠦᠪᠡᠷᠲᠡᠭᠡᠨ ᠵᠠᠰᠬᠤ ᠤᠷᠤᠨ ᠤ ᠡᠪᠯᠡᠯ ᠤᠨ ᠬᠤᠷᠢᠶᠠᠨ ᠡᠴᠡ ᠤᠷᠤᠨ ᠳᠠᠶᠠᠭᠠᠷ ᠤᠨ ᠬᠡᠪᠴᠢᠶᠠᠨ ᠳᠤ ᠤᠷᠠᠨ ᠰᠠᠶᠢᠬᠠᠨ ᠤ ᠪᠦᠲᠦᠭᠡᠯ ᠰᠢᠯᠭᠠᠷᠠᠭᠤᠯᠬᠤ ᠠᠵᠢᠯᠯᠠᠭ᠎ᠠ ᠶᠠᠪᠤᠭᠤᠯᠵᠤ᠂ ᠡᠭᠦᠨ ᠡᠴᠡ ᠰᠢᠯᠭᠠᠷᠠᠭᠤᠯᠤᠭᠰᠠᠨ ᠪᠦᠲᠦᠭᠡᠯ ᠤᠳ ᠢ ᠲᠦᠷᠦᠭᠦᠬᠡᠨ ᠬᠦᠬᠡᠬᠤᠲᠠᠨ᠎ᠠ ᠳᠠᠶᠢᠯᠤᠨ ᠲᠤᠭᠯᠠᠵᠤ ᠦᠵᠡᠭᠴᠢ ᠲᠦᠮᠡᠨ ᠤ ᠬᠠᠯᠠᠭᠤᠨ ᠳᠠᠭᠠᠰᠢᠶᠠᠯ ᠢ ᠬᠦᠷᠳᠡᠭᠰᠡᠨ ᠪᠢᠯᠡ᠃ ᠤᠷᠠᠨ ᠪᠦᠵᠢᠭ᠌᠂ ᠤᠶᠠᠩᠭ᠋ᠠᠲᠤ ᠳᠠᠭᠤᠤ᠂ ᠢᠷᠠᠭᠤ ᠨᠠᠶᠢᠷᠠᠭ ᠢᠶᠡᠷ ᠢᠶᠡᠨ ᠦᠵᠡᠭᠴᠢ ᠲᠦᠮᠡᠨ ᠤ ᠪᠡᠨ ᠠᠯᠠᠭ᠎ᠠ ᠲᠠᠰᠢᠯᠲᠠ ᠤᠤᠬᠠᠶᠢᠯᠲᠠ ᠶᠢᠨ ᠳᠠᠭᠤᠨ ᠢᠶᠡᠷ ᠬᠠᠷᠠᠭ᠎ᠠ ᠰᠤᠨᠤᠷ ᠢᠶᠡᠨ ᠪᠠᠶᠠᠰᠬᠠᠵᠤ ᠪᠠᠶᠢᠭᠰᠠᠨ ᠴᠤᠭ ᠲᠠᠢ ᠵᠤᠯᠪᠤᠭ᠎᠎ᠠ ᠲᠠᠢ ᠤᠶᠤᠲᠠᠨ ᠵᠠᠯᠠᠭᠤᠰ ᠤᠨ ᠳᠤᠮᠳᠠ ᠡᠴᠡ ᠬᠤᠶᠠᠷ ᠪᠠᠭ ᠢ ᠲᠠᠨᠢᠯᠴᠠᠭᠤᠯᠵᠤ ᠤᠩᠰᠢᠭᠴᠢ ᠲᠦᠮᠡᠨ ᠤ ᠪᠡᠨ ᠲᠠᠭᠠᠰᠢᠶᠠᠵᠤ ᠪᠠᠬᠠᠷᠬᠠᠭᠰᠠ᠂ ᠤᠶᠢᠯᠠᠭᠠᠵᠤ ᠮᠡᠳᠡᠶ᠎ᠠ ᠭᠡᠰᠡᠨ ᠬᠦᠰᠡᠯ ᠢ ᠬᠠᠩ᠋ᠭᠠᠬᠤ ᠪᠡᠷ ᠪᠠᠶᠢᠨ᠎ᠠ᠃

    《ᠵᠢᠨᠤᠩ ᠬᠤᠩᠭ᠋ᠤᠷ》ᠳᠠᠭᠤᠤ ᠲᠠᠢ 《ᠤᠶᠠᠩᠭ᠋᠎ᠠ》ᠨᠡᠷᠡᠳᠦ ᠦᠬᠢᠳ ᠤᠨ ᠬᠠᠮᠲᠤᠯᠢᠭ

    ᠵᠢᠨᠤᠩ ᠬᠤᠩᠭ᠋ᠤᠷ ᠮᠤᠷᠢ ᠮᠢᠨᠢ ᠭᠦ᠋

    ᠵᠢᠯᠤᠭᠤ ᠠᠯᠳᠠᠮ᠎ᠠ ᠪᠡᠷ ᠲᠡᠯᠮᠠᠤᠯᠤᠨ᠎ᠠ ᠳ᠋ᠸ ᠬᠦ᠋

    ᠵᠢᠭᠠᠬᠠᠨ ᠴᠢᠨᠤᠬᠢ ᠪᠡᠨ ᠠᠭᠠᠰᠢᠨ ᠳᠤ ᠨᠢ ᠬᠦ᠋

    ᠵᠢᠷᠭᠠᠬᠤ ᠪᠡᠷ ᠪᠢ ᠴᠢᠨᠢ ᠲᠡᠮᠡᠤᠯᠤᠨ᠎ᠠ ᠳ᠋ᠸ ᠬᠦ᠋

    《ᠵᠢᠨᠤᠩ ᠬᠤᠩᠭ᠋ᠤᠷ》 ᠳᠠᠭᠤᠤ ᠶᠢ ᠰᠤᠨᠤᠰᠤᠭᠠᠳ ᠲᠠᠷᠢᠬᠢ ᠪᠡᠨ ᠤᠬᠢᠶᠠᠯᠭᠠᠭᠰᠠᠨ ᠶᠤᠮ ᠰᠢᠭ ᠦᠪᠡᠷ ᠤᠨ ᠡᠷᠭᠡ ᠦᠭᠡᠢ ᠬᠤᠶᠠᠷ ᠮᠦᠷ ᠭᠢᠩᠰᠢᠵᠤ ᠭᠠᠷᠬᠤ ᠨᠢ ᠰᠢᠦ ᠳ᠋ᠸ᠃ ᠲᠤᠰ ᠬᠠᠮᠲᠤᠯᠢᠭ ᠪᠤᠯ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠳᠠᠭᠤᠤ ᠬᠦᠭ᠍ᠵᠢᠮ ᠤᠨ ᠰᠠᠯᠪᠤᠷᠢ ᠶᠢᠨ《ᠤᠶᠠᠩᠭ᠋᠎ᠠ》 ᠬᠠᠮᠲᠤᠯᠢᠭ ᠪᠤᠯᠤᠨ᠎ᠠ᠃ ᠤᠤᠯ ᠳᠤ ᠪᠡᠨ ᠶᠢᠰᠦᠨ ᠭᠡᠰᠢᠭᠦᠨ ᠲᠠᠢ᠂ ᠭᠤᠷᠪᠠᠨ ᠭᠡᠰᠢᠭᠦᠨ ᠨᠢ ᠲᠡᠭᠦᠰᠦᠭᠰᠡᠨ ᠪᠤᠯᠬᠤᠷ ᠤᠳᠤᠬᠠᠨ ᠳᠤ ᠪᠡᠨ ᠭᠡᠭᠡᠨᠲᠤᠶᠠᠭ᠎ᠠ᠂ ᠤᠶᠠᠩᠭ᠋᠎ᠠ ᠵᠡᠷᠭᠡ ᠵᠢᠷᠭᠤᠭᠠᠨ ᠬᠡᠰᠢᠭᠦᠨ ᠪᠠᠶᠢᠨ᠎ᠠ᠃ ᠳᠠᠭᠤᠤ ᠬᠦᠭ᠍ᠵᠢᠮ ᠳᠤ ᠤᠶᠠᠷᠠᠨ ᠰᠤᠭᠲᠤᠭᠤᠷᠠᠵᠤ ᠶᠠᠪᠤᠳᠠᠭ ᠡᠳᠡᠭᠡᠷ ᠦᠬᠢᠳ ᠮᠠᠨᠢ ᠳᠠᠭᠤᠴᠢᠨ ᠪᠤᠯᠬᠤ ᠬᠦᠰᠡᠯ ᠮᠦᠷᠦᠭᠡᠳᠦᠯ ᠳᠤ ᠪᠡᠨ ᠬᠦᠲᠤᠯᠦᠭᠳᠡᠵᠤ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠳᠠᠭᠤᠤ ᠬᠦᠭ᠍ᠵ᠍ᠢᠮ ᠤᠨ ᠰᠠᠯᠪᠤᠷᠢ ᠳᠤ ᠰᠢᠯᠭᠠᠭᠤᠯᠵᠤ ᠢᠷᠡᠵᠡᠢ᠃ ᠬᠤᠪᠢ ᠢᠷᠦᠭᠡᠯ ᠲᠠᠢ ᠲᠡᠳᠡᠨᠡᠷ ᠪᠦᠬᠦᠳᠡᠭᠡᠷ ᠢᠶᠡᠨ ᠨᠢᠭᠡ ᠯᠡ ᠤᠨ ᠤ ᠰᠤᠷᠤᠭᠴᠢ ᠪᠢᠰᠢ ᠴᠤ ᠨᠢᠭᠡ ᠪᠠᠭᠰᠢ ᠶᠢᠨ ᠳᠤᠤᠷ᠎ᠠ ᠱᠠᠪᠢ ᠤᠷᠤᠵᠤ᠂ ᠵᠢᠭᠠᠨ ᠵᠢᠯᠤᠭᠤᠳᠤᠯᠭ᠎᠎ᠠ ᠳᠤᠤᠷ ᠠ ᠨᠢ ᠬᠠᠮᠳᠤᠯᠢᠭ ᠪᠠᠶᠢᠭᠤᠯᠤᠨ᠂ ᠬᠠᠲᠠᠭᠤᠵᠢᠯ ᠲᠠᠢ ᠮᠡᠷᠭᠡᠵᠢᠯ ᠪᠤᠯᠪᠠᠰᠤᠷᠠᠯ ᠬᠦᠷᠲᠡᠵᠤ᠂ ᠠᠮᠠᠷᠠᠵᠤ ᠬᠡᠪᠲᠡᠬᠦ ᠵᠠᠪ ᠴᠢᠯᠦᠭᠡ ᠪᠡᠨ ᠬᠠᠰᠤᠵᠤ᠂ ᠲᠤᠷ᠎ᠠ ᠪᠠᠬᠠᠲᠠᠢ ᠦᠢᠯᠡᠰ ᠤᠨ ᠢᠶᠡᠨ ᠲᠦᠯᠦᠭᠡ ᠲᠡᠮᠡᠴᠡᠨ ᠤᠳᠠᠭ᠎ᠠ ᠪᠤᠯᠭᠠᠨ ᠤ ᠤᠷᠤᠯᠳᠤᠭᠠᠨ ᠲᠡᠮᠡᠴᠡᠭᠡᠨ ᠳᠤ ᠢᠳᠡᠪᠬᠢᠯᠡᠨ ᠤᠷᠤᠯᠴᠠᠳᠠᠭ ᠢᠶᠡᠷ ᠢᠶᠡᠨ ᠪᠠᠭ᠎ᠠ ᠪᠤᠰᠤ ᠱᠠᠩᠨᠠᠯ ᠬᠦᠭᠢᠭᠦᠯᠦᠯ ᠬᠦᠷᠲᠡᠵᠤ ᠵᠠᠯᠠᠭᠤᠰ ᠤᠨ ᠳᠤᠮᠳᠠ ᠪᠡᠨ ᠤᠳᠤ ᠰᠤᠲᠤ ᠨᠢ ᠪᠤᠯᠵᠤ ᠶᠠᠪᠤᠨ᠎ᠠ᠃

    ᠲᠤᠰ ᠬᠠᠮᠲᠤᠯᠢᠭ ᠤᠨ ᠵᠢᠯᠤᠭᠤᠳᠤᠭᠴᠢ ᠪᠠᠭᠰᠢ ᠨᠠ᠊·ᠵᠤᠯᠠ ᠶᠢᠨ ᠲᠠᠨᠢᠯᠴᠠᠭᠤᠯᠤᠭᠰᠠᠨ ᠢᠶᠡᠷ᠂ ᠳᠤᠰ ᠬᠠᠮᠲᠤᠯᠢᠭ ᠨᠢ 2015 ᠤᠨ ᠳᠤ ᠪᠠᠶᠢᠭᠤᠯᠤᠭᠳᠠᠭᠰᠠᠨ ᠤᠷᠳᠤ ᠶᠢᠨ ᠳᠠᠭᠤᠤ ᠶᠢᠨ ᠬᠠᠮᠲᠤᠯᠢᠭ ᠪᠤᠯᠤᠨ᠎ᠠ᠃ ᠡᠯ᠎ᠠ ᠲᠠᠯ᠎᠎ᠠ ᠶᠢᠨ ᠮᠡᠷᠭᠡᠵᠢᠯ ᠪᠤᠯᠪᠠᠰᠤᠷᠠᠯ ᠬᠡᠪ ᠴᠢᠨᠠᠷ ᠢ ᠦᠨᠳᠦᠰᠦᠯᠡᠨ ᠬᠠᠮᠲᠤᠯᠢᠭ ᠤᠨ ᠭᠡᠰᠢᠭᠦᠨ ᠢ ᠡᠯᠰᠡᠳᠡᠭ᠂ ᠭᠡᠰᠢᠭᠦᠨ ᠢᠶᠡᠨ 6 ᠡᠴᠡ 9 ᠬᠦᠮᠦᠨ ᠤ ᠬᠤᠭᠤᠷᠤᠨᠲᠤ ᠬᠢᠵᠠᠭᠠᠷᠯᠠᠵᠤ᠂ ᠵᠠᠷᠢᠮ ᠭᠡᠰᠢᠭᠦᠳ ᠨᠢ ᠲᠡᠭᠦᠰᠦᠭᠰᠡᠨ ᠤ ᠳᠠᠷᠠᠭ᠎ᠠ ᠳᠤᠤᠷ᠎ᠠ ᠤᠨ ᠡᠴᠡ ᠲᠠᠬᠢᠨ ᠬᠡᠰᠢᠭᠦᠨ ᠨᠦᠬᠦᠨ ᠡᠯᠰᠡᠳᠡᠭ᠃ ᠲᠡᠭᠦᠰᠦᠭᠰᠡᠨ ᠭᠡᠰᠢᠭᠦᠳ ᠵᠠᠪ ᠴᠢᠯᠦᠭᠡ ᠪᠡᠨ ᠦᠨᠳᠦᠰᠦᠯᠡᠨ ᠤᠷᠤᠯᠳᠤᠭᠠᠨ ᠬᠦᠳᠡᠯᠭᠡᠭᠡᠨ ᠪᠤᠯᠤᠭᠰᠠᠭᠠᠷ ᠪᠠᠰᠠ ᠤᠷᠤᠯᠴᠠᠳᠠᠭ᠃ ᠳᠤᠰ ᠬᠠᠮᠲᠤᠯᠢᠭ ᠤᠷᠤᠯᠳᠤᠭᠠᠨ ᠲᠡᠮᠡᠴᠡᠭᠡᠨ ᠳᠤ ᠢᠳᠡᠪᠬᠢᠳᠠᠢ ᠤᠷᠤᠯᠴᠠᠵᠤ᠂ ᠤᠯᠤᠭᠰᠠᠨ ᠱᠠᠩᠨᠠᠯ ᠤᠨ ᠮᠦᠩᠭᠦ ᠪᠡᠨ ᠨᠢᠭᠡᠳᠦᠯᠲᠠᠢ ᠬᠤᠪᠴᠠᠰᠤ ᠵᠠᠰᠠᠯ ᠬᠢᠯᠭᠡᠬᠦ᠂ ᠳᠠᠭᠤᠤ ᠰᠢᠩᠭᠡᠭᠡᠯᠲᠡ ᠬᠢᠬᠦ ᠵᠡᠷᠭᠡ ᠳᠤ ᠵᠠᠷᠤᠴᠠᠭᠤᠯᠳᠠᠭ᠃ ᠬᠠᠮᠳᠤᠯᠢᠭ ᠤᠨ ᠬᠢᠨ ᠤᠷᠳᠤ ᠶᠢᠨ ᠳᠠᠭᠤᠤ ᠪᠡᠨ ᠦᠷᠭᠦᠯᠵᠢᠯᠡᠨ ᠳᠠᠭᠤᠯᠠᠬᠤ ᠪᠡᠷ ᠪᠠᠷᠠᠬᠤ ᠦᠭᠡᠢ ᠠᠷᠠᠳ ᠤᠨ ᠳᠠᠭᠤᠤ᠂ ᠤᠶᠠᠩᠭ᠋᠎ᠠ ᠶᠢᠨ ᠳᠠᠭᠤᠤ ᠳᠠᠭᠤᠯᠠᠵᠤ᠂ ᠢᠵᠠᠭᠤᠷ ᠤᠷᠠᠯᠢᠭ ᠢᠶᠡᠨ ᠬᠠᠳᠠᠭᠠᠯᠠᠬᠤ ᠶᠢᠨ ᠳᠠᠭᠠᠤ ᠤᠯᠠᠨ ᠰᠲ᠋ᠢᠯᠢ ᠶᠢᠨ ᠳᠠᠭᠤᠤ ᠲᠤᠷᠰᠢᠨ ᠳᠠᠭᠤᠯᠠᠬᠤ ᠪᠡᠷ ᠪᠤᠯᠪᠠᠰᠤᠷᠠᠵᠤ ᠪᠠᠶᠢᠨ᠎ᠠ᠃ 2015 ᠤᠨ ᠳᠤ᠂ ᠤᠷᠤᠨ ᠳᠠᠶᠠᠭᠠᠷ ᠤᠨ ᠠᠩᠬᠠᠳᠠᠭᠴᠢ ᠬᠤᠭᠤᠴᠠᠭᠠᠨ ᠤ ᠤᠶᠤᠲᠠᠳ ᠤᠨ ᠤᠷᠲᠤ ᠶᠢᠨ ᠳᠠᠭᠤᠤ ᠶᠢᠨ ᠤᠷᠤᠯᠳᠤᠭᠠᠨ ᠢᠶᠡᠷ ᠳᠤᠰ ᠬᠠᠮᠳᠤᠯᠢᠭ ᠤᠨ ᠬᠢᠨ ᠲᠡᠷᠢᠭᠦᠨ ᠱᠠᠩᠨᠠᠯ ᠠᠪᠬᠤ ᠦᠶᠡᠰ᠂ ᠬᠢᠨᠠᠭᠴᠢ ᠠᠯᠲᠠᠨᠴᠡᠴᠡᠭ ᠡᠴᠡ ᠳᠡᠳᠡᠨᠡᠷ ᠢ ᠦᠪᠦᠷ ᠮᠣᠩᠭᠣᠯ ᠤᠨ ᠬᠠᠮᠤᠭ ᠤᠨ ᠠᠩᠬᠠᠨ ᠤ ᠤᠷᠲᠤ ᠶᠢᠨ ᠳᠠᠭᠤᠤ ᠶᠢᠨ ᠬᠠᠮᠲᠤᠯᠢᠭ ᠭᠡᠮᠡᠨ ᠦᠨᠡᠯᠡᠵᠤ ᠪᠠᠶᠢᠭᠰᠠᠨ ᠠᠵᠢ᠃

    ᠦᠪᠦᠷ ᠮᠣᠩᠭᠣᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠵᠤᠷᠢᠭᠤᠯᠵᠤ ᠶᠡᠬᠡ ᠲᠡᠭᠡᠲᠤ ᠰᠤᠷᠭᠠᠭᠤᠯᠢ ᠨᠤᠭᠤᠳ ᠡᠴᠡ ᠰᠢᠯᠢᠳᠡᠭ ᠲᠤᠭᠯᠠᠯᠲᠠ ᠰᠢᠯᠭᠠᠷᠠᠭᠤᠯᠤᠭᠰᠠᠨ ᠳᠤ ᠳᠤᠰ ᠬᠠᠮᠲᠤᠯᠢᠭ ᠲᠤᠨᠵᠤ ᠦᠯᠡᠳᠡᠵᠡᠢ᠃ ᠲᠤᠰ ᠤᠳᠠᠭᠠᠨ ᠤ ᠳᠠᠶᠢᠯᠤᠨ ᠲᠤᠭᠯᠠᠯᠲᠠ ᠶᠢᠨ ᠬᠦᠭ᠌ ᠠᠶᠠᠰ ᠪᠤᠯᠤᠨ ᠬᠠᠮᠲᠤᠯᠢᠭ ᠤᠨ ᠢᠶᠡᠨ ᠤᠨᠴᠠᠯᠢᠭ ᠲᠤ ᠵᠤᠬᠢᠴᠠᠭᠤᠯᠤᠨ《ᠵᠢᠨᠤᠩ ᠬᠤᠩᠭ᠋ᠤᠷ》ᠭᠡᠮᠡᠬᠦ ᠤᠶᠠᠩᠭ᠋᠎ᠠ ᠶᠢᠨ ᠳᠠᠭᠤᠤ ᠳᠠᠭᠤᠯᠠᠬᠤ ᠪᠡᠷ ᠪᠤᠯᠵᠤ᠂ ᠳᠠᠭᠤᠤ ᠶᠢᠨ ᠡᠬᠢᠨ ᠳᠤ ᠰᠢᠨ᠎ᠠ ᠪᠡᠷ ᠤᠷᠳᠤ ᠶᠢᠨ ᠳᠠᠭᠤᠤ ᠵᠤᠬᠢᠶᠠᠵᠤ ᠬᠡᠰᠡᠭ ᠬᠤᠭᠤᠴᠠᠭᠠᠨ ᠤ ᠪᠡᠯᠡᠳᠭᠡᠯ ᠬᠢᠭ᠍ᠰᠡᠨ ᠢᠶᠡᠷ ᠲᠤᠭᠯᠠᠯᠲᠠ ᠶᠡᠬᠡ ᠰᠠᠶᠢᠬᠠᠨ ᠪᠤᠯᠵᠠᠢ᠃

    ᠬᠠᠮᠲᠤᠯᠢᠭ ᠤᠨ ᠭᠡᠰᠢᠭᠦᠨ ᠤᠶᠠᠩᠭ᠋᠎ᠠ ᠰᠤᠷᠪᠤᠯᠵᠢᠯᠠᠭ᠎ᠠ ᠬᠦᠯᠢᠶᠡᠬᠦ ᠳᠤ ᠪᠡᠨ᠄《ᠡᠨᠡ ᠬᠠᠮᠲᠤᠯᠢᠭ ᠲᠤ ᠤᠷᠤᠭᠠᠳ ᠳᠠᠭᠤᠯᠠᠬᠤ ᠤᠷ᠎ᠠ ᠮᠡᠷᠭᠡᠵᠢᠯ ᠤᠨ ᠲᠠᠯ᠎ᠠ ᠪᠡᠷ ᠶᠡᠬᠡ ᠳᠡᠭᠡᠭ᠍ᠰᠢᠯᠡᠭᠰᠡᠨ᠃ ᠮᠠᠨ ᠤ ᠬᠠᠮᠲᠤᠯᠢᠭ ᠳᠠᠩ ᠭᠠᠭᠴᠠ ᠤᠷᠳᠤ ᠶᠢᠨ ᠳᠠᠭᠤᠤ ᠳᠠᠭᠤᠯᠠᠬᠤ ᠪᠢᠰᠢ᠂ ᠤᠨᠳᠤᠤ ᠰᠲ᠋ᠢᠯᠢ ᠶᠢᠨ ᠳᠠᠭᠤᠤ ᠶᠢ ᠪᠠᠰᠠ ᠳᠠᠭᠤᠯᠠᠳᠠᠭ᠃ ᠲᠠᠶᠢᠰᠤᠨ ᠳᠤ ᠭᠠᠷᠬᠤ ᠲᠤᠬᠢᠶᠠᠯ ᠠᠷᠪᠢᠳᠴᠤ᠂ ᠤᠷᠤᠯᠳᠤᠭᠠᠨ ᠲᠡᠮᠡᠴᠡᠭᠡᠨ ᠳᠤ ᠤᠷᠤᠯᠴᠠᠬᠤ ᠪᠡᠷ ᠤᠯᠠᠨ ᠭᠠᠵᠠᠷ ᠢᠶᠡᠷ ᠶᠠᠪᠤᠭᠰᠠᠨ᠃ ᠤᠯᠠᠨ ᠴᠤ ᠤᠳᠠᠭ᠎ᠠ ᠱᠠᠩᠨᠠᠯ ᠠᠪᠤᠭᠰᠠᠨ ᠰᠢᠤ᠃ 2015 ᠤᠨ ᠳᠤ ᠤᠷᠤᠨ ᠳᠠᠶᠠᠭᠠᠷ ᠤᠨ ᠠᠩᠬᠠᠳᠠᠭᠴᠢ ᠤᠶᠤᠲᠠᠳ ᠤᠨ ᠤᠷᠲᠤ ᠶᠢᠨ ᠳᠠᠭᠤᠤ ᠶᠢᠨ ᠤᠷᠤᠯᠳᠤᠭᠠᠨ ᠳᠤ ᠲᠡᠷᠢᠭᠦᠯᠡᠯ᠎ᠠ; ᠤᠷᠳᠤᠰ ᠬᠤᠲᠠ ᠶᠢᠨ ᠠᠩᠬᠠᠳᠠᠭᠴᠢ ᠤᠳᠠᠭᠠᠨ ᠤ 〈ᠲᠠᠯ᠎ᠠ ᠨᠤᠲᠤᠭ ᠤᠨ ᠤᠶᠠᠩᠭ᠋᠎ᠠ〉 ᠨᠡᠷᠡᠮᠵᠢᠲᠤ ᠠᠷᠠᠳ ᠤᠨ ᠳᠠᠭᠤᠤ ᠶᠢᠨ ᠤᠷᠤᠯᠳᠤᠭᠠᠨ ᠤ ᠤᠷᠲᠤ ᠶᠢᠨ ᠳᠠᠭᠤᠤ ᠶᠢᠨ ᠳᠤᠭᠤᠶᠢᠯᠠᠩ ᠳᠤ ᠰᠢᠯᠢᠳᠡᠭ ᠨᠡᠷᠡᠰ ᠲᠤ ᠳᠤᠳᠤᠷᠠᠯ᠎ᠠ; 2016 ᠤᠨ ᠳᠤ ᠬᠦᠬᠡᠬᠤᠲᠠ ᠦᠨᠳᠦᠰᠦᠲᠡᠨ ᠤ ᠲᠡᠭᠡᠲᠤ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠤᠳᠤᠨ ᠳᠠᠭᠤᠴᠢᠨ ᠤ ᠤᠷᠤᠯᠳᠤᠭᠠᠨ ᠳᠤ ᠲᠡᠷᠢᠭᠦᠯᠡᠯ᠎ᠡ; 〈ᠦᠨᠳᠦᠰᠦᠲᠡᠨ ᠤ ᠪᠦᠯᠬᠦᠮᠳᠡᠯ〉 ᠬᠤᠨᠳᠠᠭᠠᠲᠤ ᠤᠷᠳᠤᠰ ᠠᠷᠠᠳ ᠤᠨ ᠳᠠᠭᠤᠤ ᠶᠢᠨ ᠤᠷᠤᠯᠳᠤᠭᠠᠨ ᠳᠡᠬᠢ ᠤᠷᠳᠤ ᠶᠢᠨ ᠳᠠᠭᠤᠤ ᠶᠢᠨ ᠳᠤᠭᠤᠶᠢᠯᠠᠩ᠂ ᠤᠯᠠᠭᠠᠨᠬᠠᠲᠠ ᠶᠢᠨ ᠨᠡᠶ᠋ᠮᠠᠨ ᠮᠤᠵᠢ ᠤᠷᠤᠨ ᠤ 〈ᠪᠠᠶᠠᠨᠴᠠᠭᠠᠨ〉 ᠬᠤᠨᠳᠠᠭᠠᠲᠤ ᠤᠷᠲᠤ ᠶᠢᠨ ᠳᠠᠭᠤᠤ ᠶᠢᠨ ᠤᠷᠤᠯᠳᠤᠭᠠᠨ ᠪᠤᠯᠤᠨ 〈ᠲᠡᠭᠷᠢ ᠶᠢᠨ ᠤᠶᠠᠩ᠋ᠭᠠᠲᠤ〉 ᠨᠠᠶᠢᠷᠠᠯ ᠳᠠᠭᠤᠤ ᠶᠢᠨ ᠤᠷᠤᠯᠳᠤᠭᠠᠨ ᠳᠤ ᠲᠤᠰ ᠲᠤᠰ ᠰᠢᠯᠢᠳᠡᠭ ᠨᠡᠷᠡᠰ ᠲᠤ ᠳᠤᠳᠤᠷᠠᠵᠤ ᠪᠠᠶᠢᠭᠰᠠᠨ》ᠬᠡᠯ᠎ᠡ᠃

    《MIB》 ᠬᠠᠮᠲᠤᠯᠢᠭ ᠤᠨ ᠭᠢᠫ ᠫᠤᠫ ᠵᠠᠯᠠᠭᠤᠰ

    《Boom Boom》ᠭᠢᠫ ᠫᠤᠫ ᠢ ᠳᠠᠭᠤᠯᠠᠭᠰᠠᠨ《MIB》 ᠬᠠᠮᠲᠤᠯᠢᠭ ᠤᠨ ᠭᠤᠷᠪᠠᠨ ᠵᠠᠯᠭᠤ ᠶᠢ ᠲᠠᠮᠢᠷ᠂ ᠬᠦᠰᠡᠯ᠂ ᠮᠠᠨᠳᠤᠯ᠎ᠠ ᠭᠡᠳᠡᠭ᠃ ᠬᠠᠮᠲᠤᠯᠢᠭ ᠤᠨ ᠠᠬᠠᠯᠠᠭᠴᠢ ᠲᠠᠮᠢᠷ ᠦᠪᠦᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠺᠤᠮᠫᠢᠦ᠋ᠲ᠋ᠸᠷ ᠤᠨ ᠰᠠᠯᠪᠤᠷᠢ ᠶᠢᠨ ᠭᠤᠷᠪᠠᠳᠤᠭᠠᠷ ᠤᠨ ᠤ ᠤᠶᠤᠲᠠᠨ᠃ ᠬᠦᠰᠡᠯ ᠦᠪᠦᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠰᠤᠨᠢᠨ ᠮᠡᠳᠡᠭᠡᠨ ᠤ ᠰᠠᠯᠪᠤᠷᠢ ᠶᠢᠨ ᠬᠦᠲᠤᠯᠦᠭᠴᠢ ᠨᠡᠪᠲᠡᠷᠡᠭᠦᠯᠦᠭᠴᠢ ᠶᠢᠨ ᠮᠡᠷᠭᠡᠵᠢᠯ ᠢᠶᠡᠷ ᠰᠤᠷᠴᠤ ᠪᠠᠶᠢᠭ᠎ᠠ ᠨᠢᠭᠡᠳᠤᠭᠡᠷ ᠤᠨ ᠤ ᠤᠶᠤᠲᠠᠨ᠂ ᠮᠠᠨᠳᠤᠯ᠎ᠠ ᠪᠤᠯ ᠮᠣᠩᠭᠣᠯ ᠤᠯᠤᠰ ᠤᠨ ᠰᠤᠶᠤᠯ ᠤᠷᠠᠯᠢᠭ ᠤᠨ ᠶᠡᠬᠡ ᠰᠤᠷᠭᠠᠭᠤᠯᠢ ᠳᠤ ᠳᠠᠭᠤᠤ ᠶᠢᠨ ᠮᠡᠷᠭᠡᠵᠢᠯ ᠢᠶᠡᠷ ᠰᠤᠷᠤᠯᠴᠠᠵᠤ ᠪᠠᠶᠢᠭ᠎ᠠ ᠭᠤᠷᠪᠠᠳᠤᠭᠠᠷ ᠤᠨ ᠤ ᠰᠤᠷᠤᠭᠴᠢ ᠶᠤᠮ ᠪᠠᠶᠢᠨ᠎ᠠ᠃ ᠬᠠᠮᠲᠤᠯᠢᠭ ᠨᠢ ᠤᠤᠯ ᠡᠴᠡ ᠪᠡᠨ ᠭᠤᠷᠪᠠᠨ ᠭᠡᠰᠢᠭᠦᠨ ᠲᠠᠢ᠂ ᠬᠤᠶᠠᠷ ᠠᠬᠠᠮᠠᠳ ᠭᠡᠰᠢᠭᠦᠨ ᠨᠢ ᠲᠡᠭᠦᠰᠦᠭᠰᠡᠨ ᠤ ᠳᠠᠷᠠᠭ᠎ᠠ ᠭᠠᠭᠴᠠᠭᠠᠷ ᠢᠶᠡᠨ ᠦᠯᠡᠳᠡᠭᠰᠡᠨ ᠲᠠᠮᠢᠷ ᠬᠠᠮᠲᠤᠯᠢᠭ ᠤᠨ ᠢᠶᠡᠨ ᠨᠡᠷ᠎ᠠ ᠶᠢ ᠡᠷᠭᠦᠵᠤ᠂ ᠬᠤᠶᠠᠷ ᠨᠠᠶᠢᠵᠠ ᠪᠡᠨ ᠤᠷᠢᠨ ᠲᠤᠰ ᠤᠳᠠᠭᠠᠨ ᠤ ᠲᠤᠭᠯᠠᠯᠲᠠ ᠶᠢ ᠪᠡᠶᠡᠯᠡᠭᠦᠯᠬᠦ ᠶᠢ ᠵᠤᠷᠢᠵᠠᠢ᠃ ᠭᠤᠷᠪᠠᠭᠤᠯᠠ ᠪᠡᠨ ᠠᠩᠬ᠎ᠠ ᠤᠳᠠᠭ᠎ᠠ ᠬᠠᠮᠲᠤᠷᠠᠨ ᠲᠤᠭᠯᠠᠵᠤ ᠪᠠᠶᠢᠭ᠎ᠠ ᠪᠤᠯᠪᠠᠴᠤ ᠨᠡᠯᠢᠶᠡᠳ ᠬᠠᠨᠤᠮᠵᠢᠲᠠᠢ ᠲᠤᠭᠯᠠᠵᠤ ᠴᠢᠳᠠᠭᠰᠠᠨ ᠭᠡᠵᠤ ᠦᠪᠡᠷᠰᠡᠳ ᠢᠶᠡᠨ ᠶᠠᠷᠢᠯ᠎ᠠ᠃

    ᠦᠪᠦᠷ ᠮᠣᠩᠭᠣᠯ ᠤᠨ ᠢᠶᠡᠨ ᠢᠷᠡᠭᠡᠳᠦᠢ ᠪᠤᠯᠤᠭᠰᠠᠨ ᠤᠶᠤᠲᠠᠨ ᠵᠠᠯᠠᠭᠤᠰ ᠮᠠᠨᠢ ᠤᠷᠠᠯᠢᠭ ᠰᠤᠶᠤᠯ ᠤᠨ ᠬᠦᠷᠢᠶᠡᠨ ᠳᠤ ᠴᠤᠭ ᠵᠤᠯᠪᠤᠭ᠎ᠠ ᠪᠡᠨ ᠪᠠᠳᠠᠷᠠᠭᠤᠯᠵᠤ᠂ ᠦᠪᠦᠷ ᠮᠣᠩᠭᠣᠯ ᠤᠨ 70 ᠵᠢᠯ ᠤᠨ ᠤᠷᠠᠯᠢᠭ ᠤᠨ ᠬᠦᠭ᠍ᠵᠢᠯᠲᠠ ᠶᠢ ᠬᠠᠷᠠᠭᠤᠯᠵᠤ ᠮᠡᠳᠡᠷᠡᠭᠦᠯᠵᠤ ᠴᠢᠳᠠᠭᠰᠠᠨ ᠪᠢᠯᠡ᠃

《ᠤᠶᠠᠩᠭ᠋᠎ᠠ》 ᠬᠠᠮᠲᠤᠯᠢᠭ ᠤᠨ ᠬᠢᠨ ᠪᠤᠯᠤᠨ ᠵᠢᠯᠤᠭᠤᠳᠤᠭᠴᠢ ᠪᠠᠭᠰᠢ(ᠨᠠ᠊·ᠵᠤᠯᠠ) ᠲᠠᠢ ᠪᠡᠨ ᠬᠠᠮᠲᠤ

《MIB》 ᠬᠠᠮᠲᠤᠯᠢᠭ ᠤᠨ ᠬᠢᠨᠢ

ᠢᠷᠡᠯᠳᠡ᠄ ᠰᠢᠨᠬᠤᠸᠠ ᠮᠣᠩᠭᠣᠯ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121306197