蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠢᠶᠡᠷ ᠶᠠᠲᠠᠭᠤ ᠶᠢ ᠲᠡᠳᠬᠦᠬᠦ ᠠᠵᠢᠯ ᠠᠬᠢᠯᠲᠠ ᠲᠠᠢ ᠪᠠᠶᠢᠨ᠎ᠠ

2017-07-13 10:30

    ᠣᠶᠢᠷ᠎ᠠ ᠵᠢᠨ ᠵᠢᠯ ᠳ᠋ᠥ ᠤᠯᠤᠰ ᠡᠴᠠ ᠰᠤᠷᠭᠠᠨ ᠬᠥᠮᠥᠵᠢᠯ ᠢᠶᠡᠷ ᠶᠠᠳᠠᠭᠤ ᠵᠢ ᠲᠡᠳᠬᠦᠬᠦ ᠠᠵᠢᠯ ᠤᠨ ᠳᠤᠮᠳᠠ ᠡᠯ᠎ᠡ ᠱᠠᠲᠤᠨ ᠤ ᠵᠠᠰᠠᠭ ᠤᠨ ᠣᠷᠳᠣᠨ ‍ᠥ ᠬᠢᠨ ᠰᠤᠷᠭᠠᠨ ᠬᠥᠮᠥᠵᠢᠯ ᠤᠨ ᠪᠦᠬᠦ ᠲᠠᠯ᠎ᠠ ᠵᠢ ᠬᠠᠮᠤᠷᠤᠭᠰᠠᠨ ᠪᠣᠳᠣᠯᠭ᠎ᠠ ᠲᠣᠭᠲᠠᠭᠠᠬᠤ ᠂ ᠦᠨᠳᠦᠰᠦᠨ ᠱᠠᠲᠤᠨ ᠤ ᠰᠤᠷᠭᠠᠨ ᠬᠥᠮᠥᠵᠢᠯ ‍ᠥᠨ ᠰᠠᠭᠤᠷᠢ ᠵᠢ ᠪᠡᠬᠢᠵᠢᠭᠦᠯᠬᠦ ᠂ ᠲᠡᠳᠬᠦᠨ ᠳᠡᠮᠵᠢᠬᠦ ᠪᠣᠳᠣᠯᠭ᠎ᠠ ᠨᠣᠭᠣᠳ ‍ᠢ ᠨᠢᠬᠲᠠ ᠬᠡᠷᠡᠭᠵᠢᠭᠦᠯᠬᠦ ᠂ ᠶᠠᠳᠠᠭᠤ ᠬᠦᠴᠢᠷᠲᠡᠢ ᠣᠷᠣᠨ ‍ᠢ ᠣᠨᠴᠠᠭᠠᠶᠢᠯᠠᠨ ᠬᠠᠷᠠᠭᠠᠯᠵᠠᠬᠤ ᠳᠥᠷᠪᠡᠨ ᠵᠠᠷᠴᠢᠮ ‍ᠢ ᠴᠢᠩᠭ᠋᠎ᠠ ᠠᠳᠬᠤᠵᠤ ᠂ ᠰᠤᠷᠭᠠᠨ ᠬᠥᠮᠥᠵᠢᠯ ᠢᠶᠡᠷ ᠶᠠᠳᠠᠭᠤ ᠵᠢ ᠲᠡᠳᠬᠦᠵᠦ ᠂ ᠶᠠᠳᠠᠭᠤ ᠡᠴᠠ ᠨᠢ ᠠᠩᠭᠢᠵᠢᠷᠠᠭᠤᠯᠬᠤ ᠠᠵᠢᠯ ‍ᠢ ᠯᠠᠪᠳᠠᠭᠤᠨ ᠪᠠᠲᠤᠲᠠᠢ ᠠᠬᠢᠭᠤᠯᠵᠤ ᠂ ᠠᠮᠢᠳᠤᠷᠠᠯ ᠨᠢ ᠶᠠᠳᠠᠭᠤ ᠬᠦᠴᠢᠷᠲᠡᠢ ᠰᠤᠷᠤᠭᠴᠢᠳ ᠡᠴᠡ ᠨᠢᠭᠡ ᠶᠢ ᠴᠦ ᠣᠷᠬᠢᠭᠳᠠᠭᠤᠯᠤᠯ ᠦᠭᠡᠢ ᠲᠤᠰᠠᠯᠠᠨ ᠳᠡᠮᠵᠢᠬᠦ ᠪᠡᠷ ᠴᠢᠷᠮᠠᠶᠢᠵᠤ ᠪᠠᠶᠢᠨ᠎ᠠ ᠃

    ᠣᠶᠢᠯᠠᠭᠠᠭᠰᠠᠨ ᠢᠶᠡᠷ ᠂ ᠰᠤᠷᠭᠠᠨ ᠬᠥᠮᠥᠵᠢᠯ ‍ᠥᠨ ᠰᠠᠯᠠᠭ᠎ᠠ ᠮᠥᠴᠢᠷ ᠪᠣᠳᠣᠯᠭ᠎ᠠ ᠲᠣᠭᠲᠠᠭᠠᠬᠤ ᠡᠴᠠ ᠭᠠᠷᠳᠠᠨ ᠠᠵᠢᠯ ᠢᠶᠡᠨ ᠥᠷᠨᠢᠭᠦᠯᠦᠭᠰᠡᠨ ᠪᠠᠶᠢᠨ᠎ᠠ ᠃ ᠰᠤᠷᠭᠠᠨ ᠬᠥᠮᠥᠵᠢᠯ ‍ᠥᠨ ᠶᠠᠮᠤᠨ ᠤ ᠳᠡᠳ᠋ ᠰᠠᠶᠢᠳ ᠰᠦᠨ ᠶᠣᠣ ᠬᠡᠯᠡᠬᠦ ᠳ᠋ᠡᠬᠡᠨ ᠂ ᠶᠠᠭᠤᠨ ᠤ ᠤᠷᠢᠳ ᠰᠤᠷᠭᠠᠨ ᠬᠥᠮᠥᠵᠢᠯ ‍ᠥᠨ ᠪᠦᠬᠦ ᠲᠠᠯ᠎ᠠ ᠵᠢ ᠬᠠᠮᠤᠷᠤᠭᠰᠠᠨ ᠪᠣᠳᠣᠯᠭ᠎ᠠ ᠲᠣᠭᠲᠠᠭᠠᠬᠤ ᠠᠵᠢᠯ ‍ᠢ ᠰᠠᠶᠢᠨ ᠬᠢᠭ᠍ᠰᠡᠨ ᠪᠠᠶᠢᠨ᠎ᠠ ᠃ 2013 ᠣᠨ ᠡᠴᠠ ᠨᠠᠰᠢ ᠤᠯᠤᠰ ᠡᠴᠠ ᠵᠠᠯᠭ᠎ᠠ ᠪᠠᠷ ᠬᠠᠮᠢᠶᠠᠲᠠᠢ ᠲᠥᠷᠥ ᠶᠢᠨ ᠪᠣᠳᠣᠯᠭ᠎ᠠ ᠲᠣᠭᠲᠠᠭᠠᠵᠤ ᠂ ᠤᠯᠤᠰ ᠤᠨ ᠶᠠᠳᠠᠭᠤ ᠡᠴᠠ ᠠᠩᠭᠢᠵᠢᠷᠠᠭᠤᠯᠬᠤ ᠵᠠᠩᠭᠢᠯᠠᠭ᠎ᠠ ᠵᠢᠨ ᠠᠵᠢᠯ ᠤᠨ ᠪᠠᠶᠢᠷᠢᠯᠠᠭᠤᠯᠤᠯᠲᠠ ᠲᠠᠢ ᠠᠪᠴᠠᠯᠳᠤᠭᠤᠯᠵᠤ ᠂ ᠣᠷᠣᠨ ᠨᠤᠲᠤᠭ ᠤᠨ ᠶᠠᠳᠠᠭᠤ ᠡᠴᠠ ᠠᠩᠭᠢᠵᠢᠷᠠᠭᠤᠯᠬᠤ ᠵᠠᠩᠭᠢᠯᠠᠭ᠎ᠠ ᠶᠢᠨ ᠠᠵᠢᠯ ‍ᠢ ᠨᠠᠶᠢᠳᠠᠪᠤᠷᠢᠵᠢᠭᠤᠯᠬᠤ ᠠᠷᠭ᠎ᠠ ᠪᠣᠳᠣᠯᠭ᠎ᠠ ᠲᠠᠢ ᠵᠣᠬᠢᠴᠠᠭᠰᠠᠨ ᠰᠤᠷᠭᠠᠨ ᠬᠥᠮᠥᠵᠢᠯ ᠢᠶᠡᠷ ᠶᠠᠳᠠᠭᠤ ᠵᠢ ᠲᠡᠳᠬᠦᠬᠦ ᠳᠦᠷᠢᠮ ‍ᠥᠨ ᠲᠥᠰᠥᠯ ‍ᠢ ᠪᠤᠢ ᠪᠣᠯᠭᠠᠭᠰᠠᠨ ᠪᠠᠶᠢᠨ᠎ᠠ ᠭᠡᠵᠡᠢ ᠃

    ᠪᠣᠳᠣᠯᠭ᠎ᠠ ᠲᠣᠭᠲᠠᠭᠠᠬᠤ ᠠᠵᠢᠯ ‍ᠢ ᠰᠠᠶᠢᠨ ᠬᠢᠭ᠍ᠰᠡᠨ ‍ᠥ ᠬᠠᠮᠲᠤ ᠦᠨᠳᠦᠰᠦᠨ ᠱᠠᠲᠤᠨ ᠤ ᠰᠤᠷᠭᠠᠨ ᠬᠥᠮᠥᠵᠢᠯ ‍ᠥᠨ ᠰᠠᠭᠤᠷᠢ ᠠᠵᠢᠯ ᠤᠨ ᠪᠠᠶᠢᠭᠤᠯᠤᠯᠲᠠ ᠵᠢ ᠴᠢᠩᠭ᠋ᠠᠳᠬᠠᠵᠤ᠂ ᠳᠤᠲᠠᠭᠳᠠᠯ ᠲᠠᠢ ᠵᠦᠢᠯ ‍ᠢ ᠨᠥᠬᠥᠪᠦᠷᠢᠯᠡᠬᠦ ᠠᠵᠢᠯ ᠢᠶᠡᠨ ᠴᠢᠩᠭ᠋ᠠᠷᠠᠭᠤᠯᠤᠭᠰᠠᠨ ᠪᠠᠶᠢᠨ᠎ᠠ ᠃ ᠣᠶᠢᠯᠠᠭᠠᠭᠰᠠᠨ ᠢᠶᠡᠷ ᠂ ᠰᠤᠷᠭᠠᠨ ᠬᠥᠮᠥᠵᠢᠯ ‍ᠥᠨ ᠶᠠᠮᠤᠨ ᠰᠤᠷᠬᠤ ᠨᠠᠰᠤᠨ ᠡᠴᠠ ᠡᠮᠦᠨᠡᠬᠢ ᠬᠡᠦᠬᠡᠳ ‍ᠥᠨ ᠭᠤᠷᠪᠠᠨ ᠵᠢᠯ ‍ᠥᠨ ᠰᠤᠷᠭᠠᠨ ᠬᠥᠮᠥᠵᠢᠯ ‍ᠥᠨ ᠠᠵᠢᠯᠯᠠᠭᠠᠨ ᠤ ᠲᠥᠯᠥᠪᠯᠡᠭᠡ ᠵᠢ ᠭᠤᠷᠪᠠᠨ ᠬᠤᠭᠤᠴᠠᠭ᠎ᠠ ᠳᠠᠷᠠᠭᠠᠯᠠᠨ ᠬᠡᠷᠡᠭᠵᠢᠭᠦᠯᠦᠭᠰᠡᠨ ᠢᠶᠡᠷ ᠂ 2016 ᠣᠨ ᠳ᠋ᠣ ᠪᠦᠬᠦ ᠤᠯᠤᠰ ᠤᠨ ᠰᠤᠷᠭᠠᠭᠤᠯᠢ ᠶᠢᠨ ᠨᠠᠰᠤᠨ ᠡᠴᠠ ᠡᠮᠦᠨᠡᠬᠢ ᠭᠤᠷᠪᠠᠨ ᠵᠢᠯ ᠳ᠋ᠥ ᠴᠡᠴᠡᠷᠯᠢᠭ᠌᠌ ᠲᠥ ᠣᠷᠣᠭᠰᠠᠨ ᠬᠡᠦᠬᠡᠳ ‍ᠥᠨ ᠨᠣᠷᠮ᠎ᠠ 77.4% ᠳ᠋ᠣ ᠬᠦᠷᠴᠡᠢ ᠃ ᠶᠠᠳᠠᠭᠤ ᠬᠦᠴᠢᠷᠲᠯᠳᠡᠢ ᠭᠠᠵᠠᠷ ᠣᠷᠣᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠥᠵᠢᠯ ‍ᠥᠨ ᠣᠷᠴᠢᠨ ᠨᠥᠬᠥᠴᠡᠯ ᠠᠨᠠᠢ ᠰᠤᠷᠭᠠᠭᠤᠯᠢ ᠵᠢᠨ ᠰᠤᠷᠭᠠᠭᠤᠯᠢ ᠡᠷᠬᠢᠯᠡᠬᠦ ᠨᠥᠬᠥᠴᠡᠯ ‍ᠢ ᠪᠦᠬᠦ ᠲᠠᠯ᠎ᠠ ᠪᠠᠷ ᠥᠭᠡᠷᠡᠴᠢᠯᠡᠨ ᠰᠠᠶᠢᠵᠢᠷᠠᠭᠤᠯᠵᠤ ᠂ ᠶᠠᠳᠠᠭᠤ ᠬᠦᠴᠢᠷᠲᠡᠢ 832 ᠬᠣᠰᠢᠭᠤ ᠰᠢᠶᠠᠨ ᠡᠨᠡ ᠵᠢᠯ ᠡᠭᠦᠷᠭᠡ ᠪᠡᠨ ᠤᠷᠢᠳᠴᠢᠯᠠᠨ ᠪᠡᠶᠡᠯᠡᠭᠦᠯᠬᠦ ᠪᠣᠯᠣᠨ᠎ᠠ ᠃ ᠪᠠᠰᠠ ᠬᠥᠳᠡᠭᠡ ᠲᠣᠰᠬᠤᠨ ᠤ ᠪᠠᠭᠰᠢ ᠨᠠᠷ ‍ᠢ ᠳᠡᠮᠵᠢᠬᠦ ᠲᠥᠯᠥᠪᠯᠡᠭᠡ ᠵᠢ ᠬᠡᠷᠡᠭᠵᠢᠭᠦᠯᠵᠦ ᠂ 22 ᠮᠤᠵᠢ ᠣᠷᠣᠨ ᠤ 684 ᠬᠣᠰᠢᠭᠤ ᠰᠢᠶᠠᠨ ᠤ ᠬᠥᠳᠡᠭᠡ ᠲᠣᠰᠬᠤᠨ ᠤ ᠪᠠᠭᠰᠢ ᠨᠠᠷ ᠲᠣ ᠠᠮᠢᠳᠤᠷᠠᠯ ᠤᠨ ᠨᠥᠬᠥᠪᠦᠷᠢ ᠣᠯᠭᠣᠵᠤ ᠂ ᠶᠠᠳᠠᠭᠤ ᠬᠦᠴᠢᠷᠲᠡᠢ ᠭᠠᠵᠠᠷ ᠣᠷᠣᠨ ᠤ ᠪᠠᠭᠰᠢ ᠨᠠᠷ ᠤᠨᠣᠷᠣᠨ ᠲᠣᠭ᠎ᠠ ᠦᠭᠡᠢ ᠂ ᠣᠷᠴᠢᠨ ᠨᠥᠬᠥᠴᠡᠯ ᠠᠨᠠᠢ ᠂ ᠵᠢᠭᠠᠨ ᠰᠤᠷᠭᠠᠯᠲᠠ ᠵᠢᠨ ᠴᠢᠨᠠᠷ ᠴᠢᠨᠰᠠᠭ᠎ᠠ ᠳᠣᠣᠷ᠎ᠠ》ᠪᠠᠶᠢᠭ᠎ᠠ ᠠᠰᠠᠭᠤᠳᠠᠯ ‍ᠢ ᠰᠢᠢᠳᠪᠦᠷᠢᠯᠡᠵᠦ ᠪᠠᠶᠢᠨ᠎ᠠ ᠃

    ᠡᠭᠦᠨ ‍ᠥ ᠬᠠᠮᠲᠤ ᠤᠯᠤᠰ ᠡᠴᠠ ᠰᠤᠷᠭᠠᠨ ᠬᠥᠮᠥᠵᠢᠯ ‍ᠢ ᠲᠡᠳᠬᠦᠨ ᠳᠡᠮᠵᠢᠬᠦ ᠪᠣᠳᠣᠯᠭ᠎ᠠ ᠨᠣᠭᠣᠳ ‍ᠢ ᠲᠣᠭᠲᠠᠭᠠᠵᠤ ᠂ ᠠᠮᠢᠳᠤᠷᠠᠯ ᠨᠢ ᠶᠠᠳᠠᠭᠤ ᠬᠦᠴᠢᠷᠲᠡᠢ ᠰᠤᠷᠤᠭᠴᠢᠳ ‍ᠢ ᠲᠡᠳᠬᠦᠨ ᠳᠡᠮᠵᠢᠬᠦ ᠠᠵᠢᠯ ᠤᠨ ᠡᠷᠴᠢᠮ ᠢᠶᠡᠨ ᠴᠢᠩᠭ᠋ᠠᠷᠠᠭᠤᠯᠤᠭᠰᠠᠨ ᠪᠠᠶᠢᠨ᠎ᠠ ᠃ ᠣᠶᠢᠯᠠᠭᠠᠭᠰᠠᠨ ᠢᠶᠡᠷ ᠂ ᠭᠡᠷ ᠪᠦᠯᠢ ᠵᠢᠨ ᠠᠮᠢᠳᠤᠷᠠᠯ ᠨᠢ ᠬᠦᠴᠢᠷᠲᠡᠢ ᠂ ᠥᠨᠥᠴᠢᠨ ᠂ ᠵᠡᠮᠳᠡᠭ ᠰᠤᠷᠭᠠᠭᠤᠯᠢ ᠶᠢᠨ ᠨᠠᠰᠤᠨ ᠡᠴᠠ ᠡᠮᠦᠨᠡᠬᠢ ᠬᠡᠦᠬᠡᠳ ‍ᠢ ᠰᠤᠷᠭᠠᠨ ᠬᠥᠮᠥᠵᠢᠯ ᠢᠶᠡᠷ ᠲᠡᠳᠬᠦᠨ ᠳᠡᠮᠵᠢᠭᠰᠡᠨ ᠪᠠᠶᠢᠨ᠎ᠠ ᠃ ᠰᠦᠨ ᠶᠣᠣ ᠬᠡᠯᠡᠬᠦ ᠳ᠋ᠡᠬᠡᠨ ᠂ 2016 ᠣᠨ ᠳ᠋ᠣ ᠤᠯᠤᠰ ᠳᠠᠶᠠᠭᠠᠷ ᠠᠮᠢᠳᠤᠷᠠᠯ ᠨᠢ ᠶᠠᠳᠠᠭᠤ ᠬᠦᠴᠢᠷᠲᠡᠢ 9126 ᠲᠦᠮᠡᠨ ᠬᠡᠦᠬᠡᠳ ‍ᠢ ᠲᠡᠳᠬᠦᠨ ᠳᠡᠮᠵᠢᠵᠦ ᠂ ᠲᠡᠳᠬᠦᠨ ᠳᠡᠮᠵᠢᠭᠰᠡᠨ ᠪᠡᠯᠡ ᠮᠥᠩᠭᠥ ᠨᠢ 1689 ᠳ᠋ᠦᠩᠰᠢᠭᠤᠷ ᠲᠥᠭᠥᠷᠢᠭ᠌ ᠲᠥ ᠬᠦᠷᠪᠡ ᠭᠡᠵᠡᠢ ᠃   

ᠢᠷᠡᠯᠳᠡ᠄ ᠲᠤᠮᠲᠠᠲᠤ ᠤᠯᠤᠰ ᠤᠨ ᠮᠤᠩᠭ᠋ᠤᠯ ᠷᠠᠳᠢᠤ᠋ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121311402