蒙古文网站Logo
ᠰᠢᠨᠬᠤᠸᠠ ᠮᠤᠩᠭ᠋ᠤᠯ ᠨᠧᠲ

ᠭᠠᠨᠰᠦ ᠶᠢᠨ ᠰᠢᠯᠭᠠᠭᠤᠯᠤᠭᠰᠠᠳ ᠸᠸᠢ ᠰᠢᠶᠠᠩ ᠴᠢᠩᠬᠤᠧᠠ ᠶᠡᠬᠡ ᠰᠤᠷᠭᠠᠭᠤᠯᠢ ᠳ᠋ᠤ ᠡᠯᠰᠡᠬᠦᠯᠪᠡ

2017-07-13 10:44

    ᠰᠢᠨᠬᠤᠧᠠ ᠬᠤᠷᠢᠶ᠎ᠠ   ᠯᠠᠨᠵᠧᠦ ᠶᠢᠨ 7 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠪᠠᠢ ᠯᠢ ᠫᠢᠩ )ᠭᠠᠨᠰᠤ ᠮᠤᠵᠢ ᠶᠢᠨ ᠰᠤᠷᠭᠠᠨ ᠬᠦᠮᠦᠵᠢᠯ ᠤᠨ ᠲᠢᠩᠬᠢᠮ 7 ᠰᠠᠷ᠎ᠠ ᠶᠢᠨ 11 ᠤ ᠡᠲᠦᠷ ᠮᠡᠲᠡᠭᠡ ᠨᠡᠶᠢᠲᠡᠯᠡᠵᠦ᠂ ᠭᠠᠨᠰᠦ ᠶᠢᠨ ᠰᠢᠯᠭᠠᠭᠤᠯᠤᠭᠰᠠᠳ ᠸᠸᠢ ᠰᠢᠶᠠᠩ ᠴᠢᠩᠬᠤᠧᠠ ᠶᠡᠬᠡ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠭᠡᠨ ᠤ ᠲᠤᠷᠰᠢᠯᠲᠠ ᠶᠢᠨ ᠲᠦᠷᠦᠯ ( ᠲᠤᠭ᠎ᠠ ᠪᠠᠶᠢᠭᠠᠯᠢ ) ᠶᠢᠨ ᠲᠤᠰᠬᠠᠢ ᠮᠡᠷᠭᠡᠵᠢᠯ ᠳ᠋ᠤ ᠡᠯᠰᠡᠬᠦᠯᠦᠭᠰᠡᠨ ᠭᠡᠵᠡᠢ᠃

    2017 ᠤᠨ ᠤ 6 ᠰᠠᠷ᠎ᠠ ᠶᠢᠨ 26 ᠤ ᠡᠲᠦᠷ᠂ ᠭᠠᠨᠰᠤ ᠶᠢᠨ ᠨᠢᠭᠡ ᠸᠢᠴᠠᠲ ᠲᠠᠪᠴᠠᠩ ᠢᠶᠡᠷ ᠸᠸᠢ ᠰᠢᠶᠠᠩ ᠡᠴᠡ ᠴᠢᠩᠬᠤᠧᠠ ᠶᠡᠬᠡ ᠰᠤᠷᠭᠠᠭᠤᠯᠢ ᠳ᠋ᠤ ᠪᠢᠴᠢᠭᠰᠡᠨ ᠵᠠᠬᠢᠲᠠᠯ ᠤᠨ ᠠᠭᠤᠯᠭ᠎ᠠ ᠶᠢ ᠨᠡᠶᠢᠲᠡᠯᠡᠭᠰᠡᠨ ᠪᠠᠶᠢᠨ᠎ᠠ᠃ ᠵᠠᠬᠢᠲᠠᠯ ᠳ᠋ᠤ ᠸᠸᠢ ᠰᠢᠶᠠᠩ ᠬᠦᠭ᠍ᠵᠢᠯ ᠤᠨ ᠪᠡᠷᠬᠡᠰᠢᠶᠡᠯ ᠲᠠᠢ᠂ ᠪᠠᠭ᠎ᠠ ᠨᠠᠰᠤᠨ ᠳ᠋ᠠᠭᠠᠨ ᠠᠪᠤ ᠪᠠᠨ ᠠᠯᠲᠠᠵᠤ᠂ ᠡᠵᠢ ᠶᠢᠨ ᠶᠢᠡᠨ ᠭᠠᠷ ᠲᠤ ᠬᠦᠮᠦᠨ ᠪᠤᠯᠵᠤ ᠬᠦᠴᠢᠷ ᠪᠡᠷᠬᠡᠰᠢᠶᠡᠯ ᠢ ᠢᠯᠠᠨ ᠲᠠᠪᠠᠨ ᠦᠨᠦ ᠵᠢᠯ ᠤᠨ ᠶᠡᠬᠡ ᠰᠤᠷᠭᠠᠭᠤᠯᠢ ᠶᠢᠨ ᠡᠯᠰᠡᠯᠲᠡ ᠶᠢᠨ ᠰᠢᠯᠭᠠᠯᠲᠠ ᠳ᠋ᠤ 648 ᠬᠤᠪᠢ ᠰᠢᠯᠭᠠᠭᠤᠯᠪᠠ᠃ ᠴᠢᠩᠬᠤᠧᠠ ᠶᠡᠬᠡ ᠰᠤᠷᠭᠠᠭᠤᠯᠢ ᠳ᠋ᠤ ᠡᠯᠰᠡᠬᠦᠯᠬᠦ ᠪᠤᠯᠤᠮᠵᠢ ᠦᠨᠳᠦᠷ ᠤᠴᠢᠷ ᠡᠵᠢ ᠨᠢ ᠬᠠᠪᠢ ᠳ᠋ᠤᠨᠢ ᠬᠠᠷᠠᠭᠠᠯᠵᠠᠬᠤ ᠦᠭᠡᠢ ᠪᠤᠯ ᠶᠡᠬᠡ ᠰᠤᠷᠭᠠᠭᠤᠯᠢ ᠳ᠋ᠤ ᠪᠢᠴᠢᠭ᠌ ᠦᠵᠡᠬᠦ ᠬᠡᠴᠡᠬᠦᠦ ᠭᠡᠵᠡᠢ᠃ ᠴᠢᠩᠬᠤᠧᠠ ᠶᠡᠬᠡ ᠰᠤᠷᠭᠠᠭᠤᠯᠢ ᠡᠵᠢ ᠬᠦᠦ ᠳ᠋ᠦ ᠤᠷᠤᠨ ᠰᠠᠭᠤᠴᠠ ᠶᠢᠨ ᠠᠰᠠᠭᠤᠲᠠᠯ ᠢ ᠰᠢᠢᠳᠪᠦᠷᠢᠯᠡᠵᠦ ᠦᠭ᠍ᠬᠦ ᠶᠢ ᠬᠦᠰᠡᠨ ᠨᠡᠶᠢᠲᠡᠶ᠎ᠠ ᠭᠡᠰᠡᠨ ᠪᠠᠶᠢᠯ᠎ᠠ᠃

    ᠴᠢᠩᠬᠤᠧᠠ ᠶᠡᠬᠡ ᠰᠤᠷᠭᠠᠭᠤᠯᠢ ᠶᠢᠨ ᠰᠤᠷᠤᠭᠴᠢ ᠡᠯᠰᠡᠬᠦ ᠠᠯᠪᠠᠨ ᠤ ᠠᠵᠢᠯᠲᠠᠨ ᠡᠴᠡ ᠵᠠᠬᠢᠲᠠᠯ ᠤᠨ ᠠᠷᠤ ᠡᠴᠡ ᠦᠭᠡ ᠦᠯᠡᠲᠡᠭᠡᠨ ᠪᠠᠰᠠ ᠸᠢᠴᠠᠲ ᠲᠠᠪᠴᠠᠩ ᠢᠶᠡᠷ ᠵᠤᠬᠢᠶᠠᠯ ᠪᠢᠴᠢᠨ ᠢᠨᠲ᠋ᠧᠷᠨᠧᠲ ᠢᠶᠡᠷ ᠰᠠᠴᠤᠭᠲᠠᠵᠤ ᠬᠦᠮᠦᠰ ᠤᠨ ᠠᠩᠬᠠᠷᠤᠯ ᠳᠦ ᠬᠦᠷᠴᠦ ᠪᠠᠶᠢᠭᠰᠠᠨ ᠶᠤᠮ᠃

    ᠸᠸᠢ ᠰᠢᠶᠠᠩ ᠪᠤᠯ ᠭᠠᠨᠰᠦ ᠮᠤᠵᠢ ᠶᠢᠨ ᠳ᠋ᠢᠩ ᠰᠢ ᠬᠤᠲᠠ ᠶᠢᠨ ᠨᠢᠭᠡᠲᠦᠭᠡᠷ ᠲᠤᠮᠲᠠᠲᠤ ᠰᠤᠷᠭᠠᠭᠤᠯᠢ ᠶᠢᠨ ᠰᠤᠷᠤᠭᠴᠢ᠂ ᠲᠦᠷᠦᠯᠬᠢ ᠶᠢᠨ ᠰᠡᠭᠡᠷ ᠨᠢᠷᠤᠭᠤᠨ ᠤ ᠬᠠᠭᠠᠷᠠᠯ ᠵᠡᠷᠭᠡ ᠡᠪᠡᠳᠴᠢᠨ ᠲᠠᠢ᠂ ᠲᠤᠤᠷ᠎ᠠ ᠮᠦᠴᠢ ᠶᠢᠨ ᠬᠦᠲᠡᠯᠭᠡᠭᠡᠨ ᠤ ᠮᠡᠲᠡᠷᠡᠯ ᠢᠶᠡᠨ ᠠᠯᠲᠠᠵᠤ ᠮᠦᠷ ᠦᠵᠡᠬᠦ ᠪᠡᠨ ᠮᠡᠳᠡᠳᠡᠭ ᠦᠭᠡᠢ᠃ ᠲᠡᠭᠦᠨ ᠤ ᠪᠠᠶᠢᠭ᠎ᠠ ᠳ᠋ᠢᠩ ᠰᠢ ᠬᠤᠲᠠ ᠪᠤᠯ ᠤᠯᠤᠰ ᠲᠠᠶᠠᠭᠠᠷ ᠤᠨ ᠶᠠᠲᠠᠭᠤ ᠡᠴᠡ ᠠᠩᠭᠢᠵᠢᠷᠠᠭᠤᠯᠵᠤ ᠨᠡᠬᠡᠬᠡᠨ ᠬᠦᠭ᠍ᠵᠢᠬᠦᠯᠬᠦ ᠭᠤᠤᠯᠲᠠᠯᠭ᠎ᠠ ᠲᠠᠢ ᠤᠷᠤᠨ ᠪᠠᠶᠢᠵᠤ᠂ ᠴᠢᠩᠬᠤᠧᠠ ᠶᠡᠬᠡ ᠰᠤᠷᠭᠠᠭᠤᠯᠢ ᠡᠴᠡ ᠤᠯᠤᠰ ᠤᠨ ᠶᠠᠲᠠᠭᠤ ᠬᠦᠴᠢᠷᠲᠡᠯᠲᠡᠢ ᠤᠷᠤᠨ ᠡᠴᠡ ᠰᠤᠷᠤᠭᠴᠢ ᠡᠯᠰᠡᠬᠦ ᠲᠤᠰᠬᠠᠢ ᠲᠦᠰᠦᠯ ᠢ ᠬᠡᠷᠡᠭᠵᠢᠬᠦᠯᠵᠦ ᠪᠠᠶᠢᠭ᠎ᠠ ᠤᠷᠤᠨ ᠶᠤᠮ᠃

    ᠭᠠᠨᠰᠤ ᠮᠤᠵᠢ ᠶᠢᠨ ᠰᠤᠷᠭᠠᠨ ᠬᠦᠮᠦᠵᠢᠯ ᠰᠢᠯᠭᠠᠯᠲᠠ ᠶᠢᠨ ᠬᠦᠷᠢᠶᠡᠯᠡᠩ ᠤᠨ ᠲᠠᠨᠢᠯᠴᠠᠭᠤᠯᠤᠭᠰᠠᠨ ᠢᠶᠡᠷ᠂ ᠸᠸᠢ ᠰᠢᠶᠠᠩ ᠤᠨ ᠰᠢᠯᠭᠠᠯᠲᠠ ᠶᠢᠨ ᠬᠢᠷᠢ ᠪᠦᠲᠦᠮᠵᠢ ᠨᠢ 648 ᠬᠤᠪᠢ᠂ ᠴᠢᠩᠬᠤᠧᠠ ᠶᠡᠬᠡ ᠰᠤᠷᠭᠠᠭᠤᠯᠢ ᠭᠠᠨᠰᠤ ᠮᠤᠵᠢ ᠡᠴᠡ ᠪᠠᠶᠢᠭᠠᠯᠢ ᠶᠢᠨ ᠰᠢᠨᠵᠢᠯᠡᠭᠡᠨ ᠤ ᠲᠤᠰᠬᠠᠢ ᠲᠦᠰᠦᠯ ᠳ᠋ᠤ 23 ᠰᠤᠷᠤᠭᠴᠢ ᠡᠯᠰᠡᠵᠦ ᠸᠸᠢ ᠰᠢᠶᠠᠩ 23 ᠨᠡᠷᠡᠰ ᠤᠨ ᠲᠤᠲᠤᠷ᠎ᠠ ᠪᠠᠭᠲᠠᠬᠲᠠᠵᠤ ᠪᠠᠶᠢᠨ᠎᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121312774