蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ‍ᠤᠨ ᠴᠦᠭᠡᠨ ᠲᠤᠭᠠᠲᠤ ᠦᠨᠳᠦᠰᠦᠲᠠᠨ ᠤ ᠰᠤᠷᠭᠠᠨ ᠬᠦᠮᠦᠵᠢᠯ ᠬᠦᠷᠲᠡᠭᠰᠡᠨ ᠬᠡᠪᠴᠢᠶ᠎ᠠ ᠪᠤᠯᠤᠨ ᠬᠢᠷᠢ ᠬᠡᠮᠵᠢᠶ᠎ᠠ ᠨᠢ ᠳᠡᠦᠬᠡ ᠶ᠋ᠢᠨ ᠬᠠᠮᠤᠭ ‍ᠤᠨ ᠦᠨᠳᠦᠷ ᠳᠦᠪᠰᠢᠨ ᠳ᠋ᠥ ᠬᠦᠷᠴᠡᠢ

2017-07-26 16:51

    ᠰᠢᠨᠬᠤᠸᠠ ᠬᠤᠷᠢᠶ ᠠ  ᠬᠦᠬᠡᠬᠤᠲᠠ ᠶ᠋ᠢᠨ 7 ᠰᠠᠷ᠎ᠠ ᠶ᠋ᠢᠨ 24 ᠤ ᠡᠳᠦᠷ ‍ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠬᠠᠯᠢᠨ᠎ᠠ) ᠤᠶᠢᠷ᠎ᠠ ᠶ᠋ᠢᠨ ᠵᠢᠯ ᠡᠴᠠ ᠨᠠᠰᠢ ᠦᠪᠦᠷ ᠮᠤᠩᠭ᠋ᠤᠯ ᠠᠵᠢᠯ ᠦᠢᠯᠡᠰ ‍ᠢ ᠳᠦᠯᠦᠪᠵᠢᠬᠦᠯᠬᠦ᠂ ᠡᠳ᠋ ᠮᠦᠩᠬᠦ ᠤᠷᠤᠭᠤᠯᠬᠤ᠂ ᠤᠯᠠᠨ ᠨᠡᠶᠢᠲᠡ ᠶ᠋ᠢᠨ ᠡᠬᠢ ᠪᠠᠶᠠᠯᠢᠭ ᠢ ᠲᠤᠬᠢᠷᠠᠭᠤᠯᠬᠤ ᠲᠠᠯ᠎ᠠ ᠪᠠᠷ ᠦᠨᠳᠦᠰᠦᠲᠠᠨ ᠤ ᠰᠤᠷᠭᠠᠨ ᠬᠦᠮᠦᠵᠢᠯ ‍ᠢ ᠤᠷᠢᠳ ᠢᠶᠡᠷ ᠪᠠᠲᠤᠯᠠᠬᠰᠠᠨ ᠢᠶᠡᠷ ᠦᠨᠳᠦᠰᠦᠲᠠᠨ ᠤ ᠰᠤᠷᠭᠠᠨ ᠬᠦᠮᠦᠵᠢᠯ ‍ᠤᠨ ᠰᠢᠰᠲ᠋ᠸᠮ ᠳᠠᠰᠤᠷᠠᠯᠲᠠ ᠦᠭᠡᠢ ᠳᠡᠬᠦᠯᠲᠡᠷᠵᠢᠵᠦ᠂ ᠬᠦᠭ᠍ᠵᠢᠯᠲᠠ ᠶ᠋ᠢᠨ ᠬᠢᠷᠢ ᠳᠦᠪᠰᠢᠨ ᠨᠢ ᠰᠢᠨ᠎ᠡ ᠲᠡᠭᠲᠡᠷ ᠲᠤ ᠭᠠᠷᠴᠦ᠂ ᠴᠦᠭᠡᠨ ᠲᠤᠭᠠᠲᠤ ᠦᠨᠳᠦᠰᠦᠲᠠᠨ ᠤ ᠰᠤᠷᠭᠠᠨ ᠬᠦᠮᠦᠵᠢᠯ ᠬᠦᠷᠲᠡᠭᠰᠡᠨ ᠬᠡᠪᠴᠢᠶ᠎ᠠ ᠪᠤᠯᠤᠨ ᠬᠢᠷᠢ ᠬᠡᠮᠵᠢᠶ᠎ᠠ ᠨᠢ ᠳᠡᠦᠬᠡ ᠶᠢᠨ ᠬᠠᠮᠤᠭ ‍ᠤᠨ ᠦᠨᠳᠦᠷ ᠳᠦᠪᠰᠢᠨ ᠳ᠋ᠥ ᠬᠦᠷᠴᠡᠢ᠃

    ᠰᠤᠷᠪᠤᠯᠵᠢᠯᠠᠬᠴᠢ ᠦᠪᠦᠷ ᠮᠤᠩᠭ᠋ᠤᠯ ‍ᠤᠨ ᠰᠤᠷᠭᠠᠨ ᠬᠦᠮᠦᠵᠢᠯ ‍ᠤᠨ ᠳᠢᠩᠬᠢᠮ ᠡᠴᠠ ᠤᠶᠢᠯᠠᠭᠠᠬᠰᠠᠨ ᠨᠢ᠂ ᠤᠲᠤᠬᠠᠨ ᠳᠤ ᠤᠷᠤᠨ ᠳᠠᠶᠠᠭᠠᠷ ᠲᠤ ᠦᠨᠳᠦᠰᠦᠲᠠᠨ ᠤ ᠳᠤᠮᠳᠠᠳᠦ ᠪᠠᠭ᠎ᠠ ᠰᠤᠷᠭᠠᠭᠤᠯᠢ 520 ᠪᠠᠶᠢᠵᠤ᠂ ᠰᠤᠷᠭᠠᠭᠤᠯᠢ ᠳ᠋ᠥ ᠪᠠᠶᠢᠭ᠎ᠠ ᠰᠤᠷᠤᠭᠴᠢ 35.49 ᠳᠦᠮᠡ ᠪᠠᠶᠢᠨ᠎ᠠ᠂ ᠡᠨᠡ ᠨᠢ ᠳᠤᠰ ᠳᠤᠰ ᠤᠷᠤᠨ ᠳᠠᠶᠠᠭᠠᠷ ᠤᠨ ᠳᠤᠮᠳᠠᠳᠦ ᠪᠠᠭ᠎ᠠ ᠰᠤᠷᠭᠠᠭᠤᠯᠢ ᠶ᠋ᠢᠨ ᠶᠡᠷᠦᠩᠬᠡᠢ ᠲᠤᠭ᠎ᠠ ᠪᠠ ᠰᠤᠷᠭᠠᠭᠤᠯᠢ ᠳ᠋ᠥ ᠪᠠᠶᠢᠭ᠎ᠠ ᠰᠤᠷᠤᠭᠴᠢ ᠶ᠋ᠢᠨ ᠶᠡᠷᠦᠩᠬᠡᠢ ᠲᠤᠭᠠᠨ ᠤ 17.51% ᠪᠠ 14.15% ᠶ᠋ᠢ ᠡᠵᠡᠯᠡᠵᠦ ᠪᠤᠢ᠃ ᠡᠬᠦᠨ ᠤ ᠲᠤᠲᠤᠷ᠎ᠠ ᠬᠤᠤᠰ ᠬᠡᠯᠡ ᠪᠠᠷ ᠬᠢᠴᠢᠶᠡᠯᠯᠡᠵᠦ ᠪᠠᠶᠢᠭ᠎ᠠ ᠳᠤᠮᠳᠠᠳᠦ ᠪᠠᠭ᠎ᠠ ᠰᠤᠷᠭᠠᠭᠤᠯᠢ 465 ᠪᠠᠶᠢᠵᠤ᠂ ᠰᠤᠷᠭᠠᠭᠤᠯᠢ ᠳ᠋ᠥ ᠪᠠᠶᠢᠭ᠎ᠠ ᠰᠤᠷᠤᠭᠴᠢ 21.93 ᠳᠦᠮᠡ ᠪᠤᠢ᠃ ᠤᠷᠤᠨ ᠳᠠᠶᠠᠭᠠᠷ ᠤᠨ 57 ᠡᠩ ‍ᠤᠨ ᠲᠡᠭᠡᠲᠤ ᠰᠤᠷᠭᠠᠭᠤᠯᠢ ᠶ᠋ᠢᠨ ᠳᠤᠳᠤᠷᠠᠬᠢ 24 ᠰᠤᠷᠭᠠᠭᠤᠯᠢ104 ᠬᠤᠤᠰ ᠬᠡᠯᠡ ᠪᠠᠷ ᠬᠢᠴᠢᠶᠡᠯᠯᠡᠬᠦ ᠳᠤᠰᠬᠠᠢ ᠮᠡᠷᠭᠡᠵᠢᠯ ᠪᠠ ᠴᠦᠭᠡᠨ ᠲᠤᠭᠠᠲᠤ ᠦᠨᠳᠦᠰᠦᠲᠠᠨ ᠤ ᠪᠡᠯᠡᠳᠭᠡᠯ ᠠᠩᠬᠢ ᠭᠠᠷᠭᠠᠵᠠᠢ᠂ ᠡᠬᠦᠨ ᠳ᠋ᠥ ᠰᠤᠷᠤᠯᠴᠠᠵᠤ ᠪᠠᠶᠢᠭ᠎ᠠ ᠰᠤᠷᠤᠭᠴᠢ 4.06 ᠳᠦᠮᠡ ᠪᠠᠶᠢᠵᠤ᠂ ᠤᠷᠤᠨ ᠳᠠᠶᠠᠭᠠᠷ ᠤᠨ ᠰᠤᠷᠭᠠᠭᠤᠯᠢ ᠳᠤ ᠪᠠᠶᠢᠭ᠎ᠠ ᠤᠶᠤᠲᠠᠨ ᠤ ᠪᠦᠬᠦ ᠲᠤᠭ᠎ᠠ ᠶ᠋ᠢᠨ 9.65% ᠶ᠋ᠢ ᠡᠵᠡᠯᠡᠵᠦ ᠪᠠᠶᠢᠨ᠎ᠠ᠃

    2016 ᠤᠨ ᠤ 11 ᠰᠠᠷ᠎ᠠ ᠶ᠋ᠢᠨ 1 ᠤ ᠡᠳᠦᠷ ᠦᠪᠦᠷ ᠮᠤᠩᠭ᠋ᠤᠯ 《 ᠦᠪᠦᠷ ᠮᠤᠩᠭ᠋ᠤᠯ ‍ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠠᠨ ᠤ ᠰᠤᠷᠭᠠᠨ ᠬᠦᠮᠦᠵᠢᠯ ‍ᠤᠨ ᠳᠦᠷᠢᠮ》 ᠢ᠋ ᠨᠡᠶᠢᠲᠡᠯᠡᠨ ᠬᠡᠷᠡᠭᠵᠢᠬᠦᠯᠦᠭᠡᠳ᠂ ᠦᠨᠳᠦᠰᠦᠲᠠᠨ ᠤ ᠰᠤᠷᠭᠠᠨ ᠬᠦᠮᠦᠵᠢᠯ ‍ᠤᠨ ᠰᠢᠨᠵᠢᠯᠡᠬᠦ ᠤᠬᠠᠭᠠᠨᠴᠢ ᠪᠠᠷ ᠬᠦᠭ᠍ᠵᠢᠬᠦ ᠳ᠋ᠥ ᠬᠠᠤᠯᠢ ᠳᠦᠷᠢᠮ ‍ᠤᠨ ᠪᠠᠲᠤᠯᠠᠭ᠎ᠠ ᠬᠠᠩᠭ᠋ᠠᠵᠠᠢ︔《ᠠᠯᠪᠠᠨ ᠵᠢᠷᠤᠮ ‍ᠤᠨ ᠰᠤᠷᠭᠠᠨ ᠬᠦᠮᠦᠵᠢᠯ ‍ᠤᠨ ᠱᠠᠳᠦᠨ ᠤ ᠮᠤᠩᠭ᠋ᠤᠯ ᠬᠢᠲᠠᠳ ᠬᠤᠶᠠᠷ ᠬᠡᠯᠡ ᠪᠠᠷ ᠬᠢᠴᠢᠶᠡᠯᠯᠡᠬᠦ ᠰᠤᠷᠭᠠᠭᠤᠯᠢ ᠶ᠋ᠢᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠯᠠᠭ᠎ᠠ ᠶ᠋ᠢᠨ ᠬᠢᠴᠢᠶᠠᠯ ᠬᠦᠮᠦᠵᠢᠯ ‍ᠤᠨ ᠶᠠᠰᠦ ᠴᠢᠨᠠᠷ ‍ᠢ ᠲᠡᠭᠡᠭ᠍ᠰᠢᠯᠡᠬᠦᠯᠬᠦ ᠳᠦᠯᠦᠪᠯᠡᠭᠡ》 ᠶ᠋ᠢ ᠪᠦᠬᠦ ᠲᠡᠯ᠎ᠡ ᠪᠠᠷ ᠡᠬᠢᠯᠡᠨ ᠬᠡᠷᠡᠭᠵᠢᠬᠦᠯᠵᠦ᠂ ᠰᠠᠭᠤᠷᠢ ᠶ᠋ᠢ ᠪᠠᠲᠤᠳᠬᠠᠬᠤ ᠡᠴᠠ ᠡᠬᠢᠯᠡᠨ ᠠᠳᠬᠤᠪᠠ︔《ᠦᠨᠳᠦᠰᠦᠲᠠᠨ  ᠤ ᠰᠤᠷᠭᠠᠭᠤᠯᠢ ᠪᠠ ᠦᠨᠳᠦᠰᠦᠲᠠᠨ ᠤ ᠬᠡᠯᠡ ᠪᠠᠷ ᠬᠢᠴᠢᠶᠡᠯᠯᠡᠬᠦ ᠰᠤᠷᠭᠠᠭᠤᠯᠢ ᠶ᠋ᠢᠨ ᠪᠠᠷᠢᠮᠵᠢᠶᠠᠵᠢᠭᠤᠯᠬᠤ ᠪᠦᠳᠦᠭᠡᠨ ᠪᠠᠶᠢᠭᠤᠯᠤᠯᠲᠠ ᠶ᠋ᠢᠨ ᠢᠨᠵᠸᠨ᠋ᠸᠷᠢᠩ》 ‍ᠢ ᠡᠬᠢᠯᠡᠬᠦᠯᠵᠦ᠂ ᠨᠡᠶᠢᠲᠡ 40 ᠦᠨᠳᠦᠰᠦᠲᠠᠨ ᠤ ᠳᠤᠮᠳᠠᠳᠦ ᠪᠠᠭ᠎ᠠ ᠰᠤᠷᠭᠠᠭᠤᠯᠢ ᠶ᠋ᠢᠨ ᠪᠠᠷᠢᠮᠵᠢᠶᠠᠵᠢᠭᠤᠯᠬᠤ ᠪᠦᠳᠦᠭᠡᠨ ᠪᠠᠶᠢᠭᠤᠯᠤᠯᠲᠠ ᠶᠢᠨ ᠵᠦᠢᠯ ‍ᠢ ᠬᠢᠬᠦ ᠪᠠᠷ ᠲᠤᠬᠢᠷᠠᠭᠤᠯᠵᠤ᠂ 4.3 ᠳ᠋ᠦᠩᠰᠢᠭᠤᠷ ᠳᠦᠬᠦᠷᠢᠭ᠌ ‍ᠤᠨ ᠪᠠᠯᠠ ᠤᠷᠤᠭᠤᠯᠵᠠᠢ᠃

    ᠦᠪᠦᠷ ᠮᠤᠩᠭ᠋ᠤᠯ ᠤᠲᠤ ᠦᠶ᠎ᠡ ᠶ᠋ᠢᠨ ᠠᠵᠢᠯ ᠮᠡᠷᠭᠡᠵᠢᠯ ‍ᠤᠨ ᠰᠤᠷᠭᠠᠨ ᠬᠦᠮᠦᠵᠢᠯ ‍ᠤᠨ ᠰᠢᠰᠲ᠋ᠸᠮ ‍ᠢ ᠢᠲᠡᠪᠬᠢᠲᠠᠢ ᠪᠠᠷ ᠪᠦᠳᠦᠬᠡᠨ ᠪᠠᠶᠢᠭᠤᠯᠵᠤ᠂ ᠰᠤᠷᠭᠠᠨ ᠬᠦᠮᠦᠵᠢᠯ ‍ᠢᠶ᠋ᠡᠷ ᠶᠠᠲᠠᠭᠤ ᠶ᠋ᠢ ᠳᠡᠳᠬᠦᠬᠦ ᠪᠠᠷ ᠲᠠᠮᠵᠢᠭᠤᠯᠤᠨ ᠪᠠᠶᠠᠵᠢᠯ ‍ᠤᠨ ᠴᠢᠲᠠᠪᠤᠷᠢᠲᠠᠨ ‍ᠢ ᠬᠦ᠋ᠮᠦᠵᠢᠬᠦᠯᠵᠦ ᠪᠠᠶᠢᠨ᠎ᠠ᠃

    ᠰᠢᠯᠢ ᠶ᠋ᠢᠨ ᠭᠤᠤᠯ ᠠᠶᠢᠮᠠᠭ ‍ᠤᠨ ᠵᠡᠬᠦᠨ ᠦᠵᠦᠮᠦᠴᠢᠨ ᠬᠤᠰᠢᠭᠤᠨ ᠤ ᠦᠨᠳᠦᠰᠦᠲᠠᠨ ᠤ ᠶᠡᠷᠦᠩᠬᠡᠶᠢᠯᠡᠭᠰᠡᠨ ᠦᠨᠳᠦᠷ ᠳᠤᠮᠳᠠᠳᠦ ᠰᠤᠷᠭᠠᠭᠤᠯᠢ ᠳ᠋ᠥ ᠳᠦᠴᠢᠨ ᠨᠠᠰᠤᠳᠠᠢ ᠰᠠᠷᠠᠨᠲ᠋ᠤᠩᠭ᠋ᠠᠯᠠᠭ ᠳᠤᠰᠬᠠᠢ ᠪᠠᠬᠰᠢ ᠶ᠋ᠢᠨ ᠵᠢᠯᠤᠭᠤᠲᠤᠯᠭ᠎ᠠ ᠪᠠᠷ ᠤᠲᠤ ᠨᠢᠭᠡᠨᠳᠡ ᠮᠤᠩᠭ᠋ᠤᠯ ‍ᠤᠨ ᠠᠲᠠᠯᠢ ᠪᠤᠰᠦ ᠳᠠᠪᠤᠨ ᠠᠶᠢᠮᠠᠭ ᠶᠠᠰᠤᠲᠠᠨ ᠤ ᠬᠤᠪᠴᠠᠰᠦ ᠵᠠᠰᠠᠯ ᠤᠶᠤᠵᠤ ᠰᠤᠷᠤᠬᠰᠠᠨ ᠪᠠᠶᠢᠨ᠎ᠠ᠃ ᠲᠠᠷᠠ᠄《ᠡᠨᠡ ᠬᠡᠳᠦᠨ ᠵᠢᠯ ᠳ᠋ᠥ ᠮᠤᠩᠭ᠋ᠤᠯ ᠬᠤᠪᠴᠠᠰᠦ ᠵᠠᠰᠠᠯ ‍ᠢ ᠪᠠᠬᠠᠷᠬᠠᠬᠤ ᠬᠦᠮᠦᠨ ᠤᠯᠠᠮ ᠤᠯᠠᠰᠢᠷᠠᠵᠤ ᠪᠠᠶᠢᠨ᠎ᠠ᠃ ᠤᠶᠤᠲᠠᠯ ᠰᠠᠶᠢᠲᠠᠢ ᠨᠢᠭᠡ ᠨᠡᠬᠡᠢ ᠲᠡᠪᠡᠯ ᠳᠤᠯᠤᠭ᠎ᠠ ᠨᠠᠢᠮᠠᠨ ᠮᠢᠩᠭ᠋ᠠᠨ ᠳᠦᠬᠦᠷᠢᠭ᠌ ᠬᠦᠷᠴᠦ᠂ ᠨᠢᠭᠡ ᠰᠠᠷ᠎ᠠ ᠳ᠋ᠥ ᠳᠦᠮᠡ ᠭᠠᠷᠤᠢ ᠳᠦᠬᠦᠷᠢᠭ᠌ ᠤᠯᠵᠤ ᠪᠤᠯᠤᠨ᠎ᠠ᠃ ᠠᠵᠢᠯ ᠮᠡᠷᠭᠡᠵᠢᠯ ‍ᠤᠨ ᠪᠤᠯᠪᠠᠰᠤᠷᠠᠭᠤᠯᠤᠯ ᠬᠢᠭ᠍ᠰᠡᠨ ᠤ ᠠᠴᠢ ᠪᠠᠷ ᠮᠠᠯᠴᠢᠳ ᠭᠠᠷ ‍ᠤᠨ ᠡᠷᠲᠡᠮ ᠰᠤᠷᠴᠦ᠂ ᠮᠠᠯ ᠬᠠᠷᠢᠭᠤᠯᠬᠤ ᠦᠭᠡᠢ ᠴᠦ ᠭᠡᠰᠡᠨ ᠵᠤᠭᠤᠰ ᠤᠯᠵᠤ ᠴᠢᠲᠠᠬᠤ ᠪᠤᠯᠵᠠᠢ》 ᠭᠡᠯ᠎ᠡ᠃

    ᠰᠢᠯᠢ ᠶ᠋ᠢᠨ ᠭᠤᠤᠯ ‍ᠤᠨ ᠠᠵᠢᠯ ᠮᠡᠷᠭᠡᠵᠢᠯ ‍ᠤᠨ ᠲᠡᠭᠡᠲᠤ ᠰᠤᠷᠭᠠᠭᠤᠯᠢ ᠶ᠋ᠢᠨ ᠳᠡᠳ᠋ ᠵᠠᠬᠢᠷᠤᠯ ᠶᠠᠩ ᠹᠦ᠋ ᠢᠦ ᠬᠡᠯᠡᠭᠰᠡᠨ ᠨᠢ᠂ ᠮᠠᠨ ᠤ ᠰᠤᠷᠭᠠᠭᠤᠯᠢ ᠵᠢᠯ ᠪᠦᠷᠢ ᠠᠵᠢᠯ ᠳᠦᠷᠦᠯ ᠪᠠ ᠠᠵᠤ ᠠᠬᠤᠶᠢᠯᠠᠯ ‍ᠤᠨ ᠠᠵᠢᠯ ‍ᠤᠨ ᠪᠠᠶᠢᠷᠢ ᠶ᠋ᠢᠨ ᠤᠷ᠎ᠠ ᠴᠢᠲᠠᠪᠤᠷᠢ ᠶ᠋ᠢᠨ ᠪᠤᠯᠪᠠᠰᠤᠷᠠᠭᠤᠯᠤᠯ ᠬᠢᠲᠡᠭ᠃ ᠮᠠᠯᠴᠢᠳ ᠲᠤ ᠲᠠᠷᠢᠶᠠᠯᠠᠩ ᠮᠠᠯ ᠠᠵᠤ ᠠᠬᠤᠢ ᠶ᠋ᠢᠨ ᠮᠸᠬᠠᠨᠢᠭ ‍ᠢ ᠰᠡᠯᠪᠢᠨ ᠵᠠᠰᠠᠬᠤ ᠵᠡᠷᠭᠡ ᠪᠤᠯᠪᠠᠰᠤᠷᠠᠭᠤᠯᠤᠯ ᠬᠢᠬᠦ ᠡᠴᠠ ᠭᠠᠲᠠᠨ᠎ᠠ ᠪᠠᠰᠠ ᠮᠠᠯᠵᠢᠬᠤ ᠤᠷᠤᠨ ᠤ ᠡᠮᠴᠢ ᠨᠠᠷ ᠲᠣ ᠮᠤᠩᠭ᠋ᠤᠯ ᠡᠮᠨᠡᠯᠭᠡ ᠶᠢᠨ ᠳᠠᠪᠤᠨ ᠵᠠᠰᠠᠯ ‍ᠤᠨ ᠳᠤᠰᠬᠠᠢ ᠪᠤᠯᠪᠠᠰᠤᠷᠠᠭᠤᠯᠤᠯ ᠬᠢᠲᠡᠭ ᠭᠡᠵᠡᠢ᠃

    ᠪᠤᠶᠢᠲᠠ ᠬᠤᠯᠠ ᠶ᠋ᠢᠨ ᠶᠠᠲᠠᠭᠤ ᠬᠦᠴᠢᠷᠲᠡᠯᠳᠡᠢ ᠬᠤᠰᠢᠭᠤ ᠰᠢᠶᠠᠨ  ᠤ ᠰᠤᠷᠤᠭᠴᠢᠳ ᠲᠣ ᠰᠢᠯᠢᠲᠡᠭ ᠰᠠᠶᠢᠨ ᠰᠤᠷᠭᠠᠨ ᠬᠦ᠋ᠮᠦᠵᠢᠯ ‍ᠤᠨ ᠡᠬᠢ ᠪᠠᠶᠠᠯᠢᠭ ᠡᠳ᠋ᠯᠡᠬᠦᠯᠬᠦ ᠶ᠋ᠢᠨ ᠳᠤᠰᠠᠳᠠ᠂ ᠦᠪᠦᠷ ᠮᠤᠩᠭ᠋ᠤᠯ 《 ᠠᠳᠠᠯᠢ ᠲᠠᠪᠲᠠᠮᠵᠢᠲᠤ ᠬᠠᠷᠢᠯᠴᠠᠨ ᠦᠢᠯᠡᠳᠦᠯᠴᠡᠬᠦ ᠬᠢᠴᠢᠶᠠᠯ ‍ᠤᠨ ᠳᠠᠩᠬᠢᠮ》 ᠤᠨ ᠰᠢᠰᠲ᠋ᠸᠮ ᠢ ᠪᠠᠶᠢᠭᠤᠯᠤᠬᠰᠠᠨ ᠪᠠᠶᠢᠨ᠎ᠠ᠃ 2016 ᠤᠨ ᠤ ᠡᠴᠦᠰ ᠪᠤᠯᠲᠠᠯ᠎ᠠ ᠤᠷᠤᠨ ᠳᠠᠶᠠᠭᠠᠷ ᠤᠨ 92 ᠬᠤᠰᠢᠭᠤ ᠰᠢᠶᠠᠨ ᠳ᠋ᠥ ᠡᠨᠡᠬᠦ ᠰᠢᠰᠲ᠋ᠸᠮ ‍ᠢ ᠪᠠᠶᠢᠭᠤᠯᠤᠨ ᠳᠠᠭᠤᠰᠬᠠᠬᠰᠠᠨ ᠪᠦᠬᠡᠳ ᠡᠨᠡ ᠨᠢ ᠤᠷᠤᠨ ᠳᠠᠶᠠᠭᠠᠷ ᠤᠨ ᠬᠤᠰᠢᠭᠤ ᠰᠢᠶᠠᠨ ᠤ ᠶᠡᠷᠦᠩᠬᠡᠢ ᠲᠤᠭᠠᠨ ᠤ 90% ᠶ᠋ᠢ ᠡᠵᠡᠯᠡᠵᠡᠢ᠃ 57 ᠶᠠᠲᠠᠭᠤ ᠬᠦᠴᠢᠷᠲᠡᠯ ᠳᠡᠢ ᠬᠤᠰᠢᠭᠤ ᠰᠢᠶᠠᠨ ᠳ᠋ᠥ ᠴᠦᠮ《 ᠠᠳᠠᠯᠢ ᠲᠠᠪᠲᠠᠮᠵᠢᠲᠤ ᠬᠠᠷᠢᠯᠴᠠᠨ ᠦᠢᠯᠡᠳᠦᠯᠴᠡᠬᠦ ᠬᠢᠴᠢᠶᠠᠯ ‍ᠤᠨ ᠳᠠᠩᠬᠢᠮ》 ᠤᠨ ᠰᠢᠰᠲ᠋ᠸᠮ ‍ᠢ ᠤᠬᠰᠠᠷᠠᠵᠤ᠂ ᠡᠯ᠎ᠡ ᠱᠠᠳᠦᠨ ᠤ ᠵᠢᠭᠠᠨ ᠰᠤᠳᠤᠯᠬᠤ ᠰᠠᠯᠠᠭ᠎ᠠ ᠮᠦᠴᠢᠷ ᠪᠤᠯᠤᠨ ᠳᠤᠮᠳᠠᠳᠦ ᠪᠠᠭ᠎ᠠ ᠰᠤᠷᠭᠠᠭᠤᠯᠢ ᠶ᠋ᠢᠨ ᠰᠤᠷᠤᠭᠴᠢᠳ《 ᠠᠳᠠᠯᠢ ᠲᠠᠪᠲᠠᠮᠵᠢᠲᠤ ᠬᠠᠷᠢᠯᠴᠠᠨ ᠦᠢᠯᠡᠳᠦᠯᠴᠡᠬᠦ ᠬᠢᠴᠢᠶᠠᠯ ‍ᠤᠨ ᠳᠠᠩᠬᠢᠮ》 ᠤᠨ ᠰᠢᠰᠲ᠋ᠸᠮ ‍ᠢ ᠪᠠᠶᠢᠩᠭ᠋ᠤ ᠠᠰᠢᠬᠯᠠᠨ᠂ ᠨᠸᠲ ᠢᠶᠡᠷ ᠲᠠᠮᠵᠢᠨ ᠬᠢᠴᠢᠶᠠᠯ ᠬᠦᠮᠦᠵᠢᠯ ᠬᠦ᠋ᠢᠷᠲᠡᠵᠦ ᠪᠠᠶᠢᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121384345