蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭᠤᠯ ᠤᠨ ᠴᠦᠬᠡᠨ ᠲᠤᠭᠠᠳᠤ ᠦᠨᠳᠦᠰᠦᠳᠡᠨ ᠤ ᠰᠤᠷᠭᠠᠨ ᠬᠦᠮᠦᠵᠢᠯ ᠬᠦᠷᠳᠡᠭᠰᠡᠨ ᠬᠡᠪᠴᠢᠶ᠎ᠡ ᠪᠤᠯᠤᠨ ᠬᠡᠮᠵᠢᠶ᠎ᠡ ᠲᠡᠦᠬᠡ ᠶᠢᠨ ᠬᠠᠮᠤᠭ ᠤᠨ ᠦᠨᠳᠤᠷ ᠲᠦᠪᠰᠢᠨ ᠳᠤ ᠬᠦᠷᠦᠯ᠎ᠡ

2017-07-28 17:13

    ᠤᠶᠢᠷ᠎᠎ᠠ ᠶᠢᠨ ᠵᠢᠯ ᠤᠳ ᠲᠤ᠂ ᠦᠪᠦᠷ ᠮᠤᠩᠭᠤᠯ ᠠᠵᠢᠯ ᠦᠢᠯᠡᠰ ᠤᠨ ᠲᠦᠯᠦᠪᠯᠡᠬᠡ᠂ ᠡᠳ᠋ ᠤᠨ ᠵᠠᠰᠠᠭ ᠤᠨ ᠪᠡᠯᠡ ᠤᠷᠤᠭᠤᠯᠤᠯᠳᠠ᠂ ᠨᠡᠶᠢᠳᠡ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢᠨ ᠰᠠᠭᠤᠷᠢᠨ ᠳᠤ ᠦᠨᠳᠦᠰᠦᠳᠡᠨ ᠤ ᠰᠤᠷᠭᠠᠨ ᠬᠦᠮᠦᠵᠢᠯ ᠢ ᠶᠠᠭᠤᠨ ᠤ ᠡᠮᠦᠨ᠎ᠡ ᠪᠠᠳᠤᠯᠠᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠰᠢᠰᠲ᠋ᠧᠮ  ᠢ ᠤᠯᠠᠮ ᠢᠶᠡᠷ ᠲᠡᠬᠦᠯᠳᠡᠷᠵᠢᠬᠦᠯᠦᠭᠰᠡᠨ ᠢᠶᠡᠷ ᠬᠦᠭ᠍ᠵᠢᠯᠳᠡ ᠶᠢᠨ ᠲᠦᠪᠰᠢᠨ ᠨᠢ ᠰᠢᠨ᠎ᠡ ᠱᠠᠳᠤᠨ ᠳᠤ ᠤᠷᠤᠵᠤ᠂ ᠴᠦᠬᠡᠨ ᠲᠤᠭᠠᠳᠤ ᠦᠨᠳᠦᠰᠦᠳᠡᠨ ᠤ ᠰᠤᠷᠭᠠᠨ ᠬᠦᠮᠦᠵᠢᠯ ᠬᠦᠷᠳᠡᠭᠰᠡᠨ ᠬᠡᠪᠴᠢᠶ᠎ᠡ ᠪᠤᠯᠤᠨ ᠬᠡᠮᠵᠢᠶ᠎ᠡ ᠲᠡᠦᠬᠡ ᠶᠢᠨ ᠬᠠᠮᠤᠭ ᠤᠨ ᠦᠨᠳᠤᠷ ᠲᠦᠪᠰᠢᠨ ᠳᠤ ᠬᠦᠷᠦᠭᠰᠡᠨ ᠪᠠᠶᠢᠨ᠎ᠠ᠃

    ᠰᠤᠷᠪᠤᠯᠵᠢᠯᠠᠭᠴᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠡᠴᠡ ᠤᠶᠢᠯᠠᠭᠠᠭᠰᠠᠨ ᠢᠶᠡᠷ᠂ ᠤᠳᠤ ᠪᠡᠷ ᠦᠪᠦᠷ ᠮᠤᠩᠭᠤᠯ ᠳᠤ 520 ᠦᠨᠳᠦᠰᠦᠳᠡᠨ ᠤ ᠪᠠᠭ᠎ᠠ ᠰᠤᠷᠭᠠᠭᠤᠯᠢ ᠲᠠᠢ᠂ ᠰᠤᠷᠭᠠᠭᠤᠯᠢ ᠳᠤ ᠰᠠᠭᠤᠭ᠎ᠠ ᠰᠤᠷᠤᠭᠴᠢ 35.49 ᠲᠦᠮᠡ ᠪᠠᠶᠢᠬᠤ ᠪᠦᠭᠡᠳ ᠤᠷᠤᠨ ᠲᠠᠶᠠᠭᠠᠷ ᠤᠨ ᠲᠤᠮᠳᠠᠳᠤ ᠪᠠᠭ᠎ᠠ ᠰᠤᠷᠭᠠᠭᠤᠯᠢ ᠶᠢᠨ ᠶᠡᠷᠦᠩᠬᠡᠢ ᠲᠤᠭ᠎ᠠ ᠪᠤᠯᠤᠨ ᠰᠤᠷᠭᠠᠭᠤᠯᠢ ᠳᠤ ᠰᠠᠭᠤᠭ᠎ᠠ ᠰᠤᠷᠤᠭᠴᠢᠳ ᠤᠨ ᠶᠡᠷᠦᠩᠬᠡᠢ ᠲᠤᠭ᠎ᠠ ᠶᠢᠨ 17.51%᠂ 14.15% ᠶᠢ ᠡᠵᠡᠯᠡᠵᠤ ᠪᠠᠶᠢᠨ᠎ᠠ᠃ ᠡᠬᠦᠨ ᠳᠤ ᠬᠤᠤᠰ ᠬᠡᠯᠡᠨ ᠤ ᠵᠢᠭᠠᠨ ᠰᠤᠷᠭᠠᠯᠳᠠ ᠲᠠᠢ ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ 465᠂ ᠰᠤᠷᠭᠠᠭᠤᠯᠢ ᠳᠤ ᠰᠠᠭᠤᠭ᠎ᠠ ᠰᠤᠷᠤᠭᠴᠢ 21.93 ᠲᠦᠮᠡ ᠪᠠᠶᠢᠳᠠᠭ᠃ ᠤᠷᠤᠨ ᠲᠠᠶᠠᠭᠠᠷ ᠤᠨ 57 ᠡᠩ ᠤᠨ ᠶᠡᠬᠡ ᠲᠡᠭᠡᠳᠤ ᠰᠤᠷᠭᠠᠭᠤᠯᠢ ᠶᠢᠨ 24 ᠨᠢ ᠬᠤᠤᠰ ᠬᠡᠯᠡ ᠪᠡᠷ ᠬᠢᠴᠢᠶᠡᠯᠯᠡᠬᠦ ᠮᠡᠷᠬᠡᠵᠢᠯ ᠪᠤᠯᠤᠨ ᠴᠦᠬᠡᠨ ᠲᠤᠭᠠᠳᠤ ᠦᠨᠳᠦᠰᠦᠳᠡᠨ ᠤ ᠪᠡᠯᠡᠳᠬᠡᠯ ᠠᠩᠬᠢ 104 ᠲᠤᠬᠢᠷᠠᠭᠤᠯᠵᠤ᠂ ᠤᠷᠤᠨ ᠲᠠᠶᠠᠭᠠᠷ ᠤᠨ ᠶᠡᠬᠡ ᠲᠡᠭᠡᠳᠤ ᠰᠤᠷᠭᠠᠭᠤᠯᠢ ᠶᠢᠨ ᠰᠤᠷᠤᠭᠴᠢᠳ ᠤᠨ ᠶᠡᠷᠦᠩᠬᠡᠢ ᠲᠤᠭ᠎ᠠ ᠶᠢᠨ 9.65% ᠶᠢ ᠡᠵᠡᠯᠡᠵᠤ ᠪᠤᠢ᠃

    ᠦᠨᠳᠦᠰᠦᠳᠡᠨ ᠤ ᠰᠤᠷᠭᠠᠨ ᠬᠦᠮᠦᠵᠢᠯ ᠢ ᠠᠬᠢᠭᠤᠯᠬᠤ ᠶᠢᠨ ᠲᠦᠯᠦᠬᠡ᠂ 2016 ᠤᠨ ᠤ 11 ᠰᠠᠷ᠎ᠠ ᠶᠢᠨ 1 ᠤ ᠡᠳᠤᠷ ᠦᠪᠦᠷ ᠮᠤᠩᠭᠤᠯ《ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ》 ᠢ ᠬᠡᠷᠡᠭᠵᠢᠬᠦᠯᠬᠦ ᠶᠢ ᠠᠯᠪᠠᠨ ᠶᠤᠰᠤ ᠪᠡᠷ ᠵᠠᠷᠯᠠᠵᠤ᠂ ᠦᠨᠳᠦᠰᠦᠳᠡᠨ ᠤ ᠰᠤᠷᠭᠠᠨ ᠬᠦᠮᠦᠵᠢᠯ ᠤᠨ ᠰᠢᠨᠵᠢᠯᠡᠬᠦ ᠤᠬᠠᠭᠠᠨᠴᠢ ᠬᠦᠭ᠍ᠵᠢᠯᠳᠡ ᠶᠢ ᠠᠬᠢᠭᠤᠯᠬᠤ ᠳᠤ ᠬᠠᠤᠯᠢ ᠲᠦᠷᠢᠮ ᠤᠨ ᠪᠠᠳᠤᠯᠠᠭ᠎ᠠ ᠬᠠᠩᠭᠠᠵᠠᠢ᠃ 《ᠮᠤᠩᠭᠤᠯ ᠬᠢᠳᠠᠳ ᠬᠤᠤᠰ ᠬᠡᠯᠡ ᠪᠡᠷ ᠬᠢᠴᠢᠶᠡᠯᠯᠡᠬᠦ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠪᠠᠶᠢᠭᠠᠯᠢ ᠶᠢᠨ ᠰᠢᠨᠵᠢᠯᠡᠬᠡᠨ ᠤ ᠵᠢᠭᠠᠨ ᠰᠤᠷᠭᠠᠯᠳᠠ ᠶᠢᠨ ᠴᠢᠨᠠᠷ ᠢ ᠲᠡᠭᠡᠭ᠍ᠰᠢᠯᠡᠬᠦᠯᠬᠦ ᠳᠦᠯᠦᠪᠯᠡᠬᠡ》 ᠶᠢ ᠪᠦᠬᠦ ᠲᠠᠯ ᠠ ᠪᠡᠷ ᠡᠬᠢᠯᠡᠬᠦᠯᠵᠤ᠂ ᠰᠠᠭᠤᠷᠢ ᠶᠢ ᠪᠠᠳᠤᠳᠬᠠᠬᠤ ᠡᠴᠡ ᠭᠠᠷᠳᠠᠨ 《ᠦᠨᠳᠦᠰᠦᠳᠡᠨ ᠤ ᠰᠤᠷᠭᠠᠭᠤᠯᠢ ᠪᠤᠯᠤᠨ ᠦᠨᠳᠦᠰᠦᠳᠡᠨ ᠤ ᠬᠡᠯᠡ ᠪᠡᠷ ᠬᠢᠴᠢᠶᠡᠯᠯᠡᠬᠦ ᠰᠤᠷᠭᠠᠭᠤᠯᠢ ᠶᠢᠨ ᠪᠠᠷᠢᠮᠵᠢᠶᠠᠵᠢᠭᠰᠠᠨ ᠪᠠᠶᠢᠭᠤᠯᠤᠯᠳᠠ ᠶᠢᠨ ᠢᠨᠵᠧᠨᠧᠷᠢᠩ》 ᠢ ᠬᠡᠷᠡᠭᠵᠢᠬᠦᠯᠦᠨ᠂ 40 ᠦᠨᠳᠦᠰᠦᠳᠡᠨ ᠤ ᠲᠤᠮᠳᠠᠳᠤ ᠪᠠᠭ᠎ᠠ ᠰᠤᠷᠭᠠᠭᠤᠯᠢ ᠳᠤ ᠪᠠᠷᠢᠮᠵᠢᠶᠠᠵᠢᠭᠰᠠᠨ ᠪᠠᠶᠢᠭᠤᠯᠤᠯᠳᠠ ᠶᠢᠨ ᠲᠦᠰᠦᠯ  ᠲᠤᠬᠢᠷᠠᠭᠤᠯᠤᠨ ᠨᠡᠶᠢᠳᠡ 4.3 ᠳ᠋ᠦᠩᠰᠢᠭᠤᠷ ᠲᠦᠬᠦᠷᠢᠭ᠌᠌ ᠤᠨ ᠬᠦᠷᠦᠩᠬᠡ ᠤᠷᠤᠭᠤᠯᠵᠠᠢ᠃

    ᠦᠪᠦᠷ ᠮᠤᠩᠭᠤᠯ ᠤᠳᠤᠬᠢᠴᠢᠯᠠᠭᠰᠠᠨ ᠠᠵᠢᠯ ᠮᠡᠷᠬᠡᠵᠢᠯ ᠤᠨ ᠰᠤᠷᠭᠠᠨ ᠬᠦᠮᠦᠵᠢᠯ ᠤᠨ ᠰᠢᠰᠲ᠋ᠧᠮ ᠢ ᠢᠳᠠᠪᠬᠢᠲᠡᠢ ᠴᠤᠭᠴᠠᠯᠠᠨ᠂ ᠰᠤᠷᠭᠠᠨ ᠬᠦᠮᠦᠵᠢᠯ ᠢᠶᠡᠷ ᠶᠠᠳᠠᠭᠤ ᠶᠢ ᠲᠡᠳᠬᠦᠨ᠂ ᠪᠠᠶᠠᠵᠢᠯ ᠳ᠋ᠦ ᠬᠤᠰᠢᠭᠤᠷᠠᠬᠤ ᠴᠢᠳᠠᠪᠤᠷᠢᠳᠠᠨ ᠢ ᠬᠦᠮᠦᠵᠢᠬᠦᠯᠵᠤ ᠪᠤᠢ᠃

    ᠰᠢᠯᠢ ᠶᠢᠨ ᠭᠤᠤᠯ  ᠠᠶᠢᠮᠠᠭ ᠤᠨ ᠵᠡᠬᠦᠨ ᠦᠵᠦᠮᠦᠴᠢᠨ ᠬᠤᠰᠢᠭᠤᠨ ᠤ ᠦᠨᠳᠦᠰᠦᠳᠡᠨ ᠤ ᠶᠠᠷᠦᠩᠬᠡᠶᠢᠯᠡᠭᠰᠡᠨ ᠲᠤᠮᠳᠠᠳᠤ ᠰᠤᠷᠭᠠᠭᠤᠯᠢ ᠳᠤ 40 ᠨᠠᠰᠤᠲᠠᠢ ᠰᠠᠷᠠᠠᠳᠤᠩᠭᠠᠯᠠᠭ ᠲᠤᠰᠬᠠᠢ ᠮᠡᠷᠬᠡᠵᠢᠯ ᠤᠨ ᠪᠠᠭᠰᠢ ᠶᠢᠨ ᠵᠢᠭᠠᠨ ᠵᠢᠯᠤᠭᠤᠳᠤᠯᠭ᠎ᠠ ᠪᠡᠷ 5 ᠠᠳᠠᠯᠢ ᠪᠤᠰᠤ ᠵᠠᠭᠪᠤᠷ ᠤᠨ ᠤᠯᠠᠮᠵᠢᠯᠠᠯᠳᠤ ᠮᠤᠩᠭᠤᠯ ᠬᠤᠪᠴᠠᠰᠤ ᠢ ᠤᠶᠤᠵᠤ ᠰᠤᠷᠴᠠᠢ᠃ ᠲᠡᠷᠡᠪᠡᠷ᠄《ᠡᠨᠡ ᠬᠡᠳᠤᠨ ᠵᠢᠯ᠂ ᠮᠤᠩᠭᠤᠯ ᠬᠤᠪᠴᠠᠰᠤ ᠵᠠᠰᠠᠯ ᠬᠦᠮᠦᠰ ᠲᠤ ᠤᠯᠠᠮ ᠲᠠᠭᠠᠰᠢᠶᠠᠭᠳᠠᠬᠤ ᠶᠢ ᠲᠠᠭᠠᠯᠳᠤᠨ ᠨᠠᠷᠢᠯᠢᠬ ᠤᠶᠤᠬᠰᠠᠨ ᠲᠡᠪᠡᠯ ᠲᠤᠯᠤᠭ᠎ᠠ ᠨᠠᠶ᠋ᠮᠠᠨ ᠮᠢᠩᠭᠠᠨ ᠲᠦᠭᠦᠷᠢᠭ᠌᠌ ᠬᠦᠷᠴᠦ ᠪᠠᠢᠢᠬᠤ ᠪᠦᠭᠡᠳ ᠰᠠᠷ᠎ᠠ ᠳᠤ ᠪᠠᠨ ᠲᠦᠮᠡ ᠭᠠᠷᠤᠢ ᠲᠦᠭᠦᠷᠢᠭ᠌᠌ ᠤᠨ ᠤᠷᠤᠯᠭ᠎ᠠ ᠲᠠᠢ᠃ ᠠᠵᠢᠯ ᠮᠡᠷᠬᠡᠵᠢᠯ ᠤᠨ ᠪᠤᠯᠪᠠᠰᠤᠷᠠᠯ ᠮᠠᠨ ᠤ ᠮᠠᠯᠴᠢᠳ ᠢ ᠲᠤᠰᠬᠠᠢ ᠮᠡᠷᠬᠡᠵᠢᠯ ᠲᠠᠢ ᠪᠤᠯᠭᠠᠵᠤ᠂ ᠮᠠᠯ ᠬᠠᠷᠢᠭᠤᠯᠬᠤ ᠡᠴᠡ ᠭᠠᠳᠠᠨ᠎ᠠ ᠮᠦᠩᠬᠦ ᠤᠯᠬᠤ ᠠᠷᠭ᠎ᠠ ᠲᠠᠢ ᠪᠤᠯᠭᠠᠬᠰᠠᠨ 》 ᠬᠡᠵᠡᠢ᠃

    ᠰᠢᠯᠢ ᠶᠢᠨ ᠭᠤᠤᠯ ᠤᠨ ᠠᠵᠢᠯ ᠮᠡᠷᠬᠡᠵᠢᠯ ᠤᠨ ᠲᠡᠭᠡᠳᠤ ᠰᠤᠷᠭᠠᠭᠤᠯᠢ ᠶᠢᠨ ᠲᠠᠳ᠋ ᠵᠠᠬᠢᠷᠤᠯ ᠶᠠᠩ ᠹᠦ᠋ ᠶᠢᠤ᠂ ᠵᠢᠯ ᠪᠦᠷᠢ ᠰᠤᠷᠭᠠᠭᠤᠯᠢ ᠡᠴᠡ ᠠᠵᠢᠯ ᠲᠦᠷᠦᠯ ᠤᠨ ᠺᠤᠮᠫᠠᠨᠢ ᠶᠢᠨ ᠠᠵᠢᠯ ᠤᠨ ᠪᠠᠶᠢᠷᠢ ᠶᠢᠨ ᠮᠡᠷᠬᠡᠵᠢᠯ ᠤᠨ ᠪᠤᠯᠪᠠᠰᠤᠷᠠᠯ᠂ ᠬᠦᠳᠡᠬᠡ ᠲᠤᠰᠬᠤᠨ ᠮᠠᠯᠵᠢᠬᠤ ᠤᠷᠤᠨ ᠤ ᠬᠦᠳᠡᠯᠮᠦᠷᠢ ᠬᠦᠴᠦᠨ ᠤ ᠰᠢᠯᠵᠢᠯᠳᠡ ᠶᠢᠨ ᠪᠤᠯᠪᠠᠰᠤᠷᠠᠯ ᠵᠡᠷᠬᠡ ᠡᠯ᠎ᠡ ᠲᠦᠷᠦᠯ ᠤᠨ ᠨᠡᠶᠢᠬᠡᠮ ᠤᠨ ᠪᠤᠯᠪᠠᠰᠤᠷᠠᠯ ᠢ ᠡᠷᠬᠢᠯᠡᠭᠡᠳ ᠲᠠᠪᠬᠤᠷᠳᠠᠭᠰᠠᠨ ᠲᠤᠭ᠎ᠠ ᠪᠡᠷ ᠨᠡᠶᠢᠳᠡ 3 ᠲᠦᠮᠡ ᠭᠠᠷᠤᠢ ᠬᠦᠮᠦᠨ ᠤᠷᠤᠯᠴᠠᠵᠤ ᠪᠠᠶᠢᠨ᠎ᠠ᠃ ᠮᠠᠯᠴᠢᠳ ᠲᠤ ᠲᠤᠨᠤᠭ ᠲᠦᠭᠦᠭᠡᠷᠤᠮᠵᠢ ᠰᠠᠯᠪᠢᠨ ᠵᠠᠰᠠᠬᠤ ᠵᠡᠷᠬᠡ ᠮᠡᠷᠬᠡᠵᠢᠯ ᠰᠤᠷᠭᠠᠬᠤ ᠪᠡᠷ ᠵᠤᠬᠰᠤᠬᠤ ᠦᠭᠡᠢ ᠮᠠᠯᠵᠢᠬᠤ ᠤᠷᠤᠨ ᠤ ᠡᠮᠴᠢ ᠪᠤᠯᠤᠨ ᠡᠮᠴᠢᠯᠡᠭᠡᠨ ᠤ ᠠᠵᠢᠯᠳᠠᠳ ᠲᠤ《ᠮᠤᠩᠭᠤᠯ ᠠᠨᠠᠭᠠᠬᠤ ᠤᠬᠠᠭᠠᠨ ᠤ ᠲᠠᠪᠤᠨ ᠵᠠᠰᠠᠯ》  ᠤᠨ ᠲᠤᠰᠬᠠᠢ ᠪᠤᠯᠪᠠᠰᠤᠷᠠᠯ ᠬᠦᠷᠳᠡᠬᠡᠳᠡᠭ ᠬᠡᠵᠡᠢ᠃

    ᠪᠤᠶᠢᠳᠠ ᠪᠦᠭ᠍ᠯᠡᠬᠦᠦ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠰᠤᠷᠤᠭᠴᠢ ᠳᠤ ᠰᠢᠯᠢᠳᠡᠭ ᠰᠤᠷᠭᠠᠨ ᠬᠦᠮᠦᠵᠢᠯ ᠤᠨ ᠡᠬᠢ ᠰᠤᠷᠪᠤᠯᠵᠢ ᠶᠢ ᠡᠳ᠋ᠯᠡᠬᠦᠯᠬᠦ ᠶᠢᠨ ᠲᠦᠯᠦᠬᠡ ᠦᠪᠦᠷ ᠮᠤᠩᠭᠤᠯ 《ᠠᠳᠠᠯᠢ ᠲᠠᠪᠳᠠᠮᠵᠢᠳᠤ ᠦᠢᠯᠡᠳᠤᠯᠬᠡ ᠶᠢᠨ ᠬᠢᠴᠢᠶᠡᠯ》 ᠤᠨ ᠰᠢᠰᠲ᠋ᠧᠮ ᠪᠠᠶᠢᠭᠤᠯᠤᠭᠰᠠᠨ ᠶᠤᠮ᠃ 2016 ᠤᠨ ᠤ ᠰᠡᠬᠦᠯᠴᠢ ᠪᠤᠯᠬᠤ ᠳᠤ ᠤᠷᠤᠨ ᠲᠠᠶᠠᠭᠠᠷ ᠲᠤ ᠨᠢᠬᠡᠨᠳᠡ 92 ᠬᠤᠰᠢᠭᠤ ᠰᠢᠶᠠᠨ ᠡᠨᠡᠬᠦ ᠰᠢᠰᠲ᠋ᠧᠮ ᠢ ᠪᠠᠶᠢᠭᠤᠯᠵᠡᠢ᠂ ᠡᠨᠡ ᠨᠢ ᠪᠦᠬᠦ ᠬᠤᠰᠢᠭᠤ ᠰᠢᠶᠠᠨ ᠤ ᠶᠡᠷᠦᠩᠬᠡᠢ ᠲᠤᠭ᠎ᠠ ᠶᠢᠨ 90% ᠶᠢ ᠡᠵᠡᠯᠡᠵᠤ᠂ 57 ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠨᠢᠬᠡᠨᠳᠡ ᠪᠦᠷᠬᠦᠵᠤ᠂ ᠡᠯ᠎ᠡ ᠱᠠᠳᠤᠨ ᠤ ᠵᠢᠭᠠᠬᠤ ᠶᠢ ᠰᠤᠳᠤᠯᠬᠤ ᠰᠠᠯᠠᠭ᠎ᠠ ᠮᠦᠴᠢᠷ ᠪᠤᠯᠤᠨ ᠲᠤᠮᠳᠠᠳᠤ ᠪᠠᠭ᠎ᠠ ᠰᠤᠷᠭᠠᠭᠤᠯᠢ ᠪᠠᠶᠢᠩᠭᠤᠵᠢᠬᠰᠠᠨ《ᠠᠳᠠᠯᠢ ᠲᠠᠪᠳᠠᠮᠵᠢᠳᠤ ᠦᠢᠯᠡᠳᠤᠯᠬᠡ ᠶᠢᠨ ᠬᠢᠴᠢᠶᠡᠯ》 ᠤᠨ ᠰᠢᠰᠲ᠋ᠧᠮ ᠳ᠋ᠦ ᠲᠦᠰᠢᠭᠯᠡᠨ ᠢᠨᠲ᠋ᠧᠷᠨᠧᠲ ᠢᠶᠡᠷ ᠵᠢᠭᠠᠬᠤ ᠶᠢ ᠰᠤᠳᠤᠯᠬᠤ ᠠᠵᠢᠯᠯᠠᠭ᠎ᠠ ᠦᠷᠨᠢᠬᠦᠯᠵᠤ ᠪᠤᠢ᠃

ᠢᠷᠡᠯᠳᠡ᠄ ᠰᠢᠨᠬᠤᠸᠠ ᠬᠤᠷᠢᠶ᠎ᠠ  ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121397005