蒙古文网站Logo
ᠰᠢᠨᠬᠤᠸᠠ ᠮᠤᠩᠭ᠋ᠤᠯ ᠨᠧᠲ

ᠰᠤᠷᠭᠠᠨ ᠬᠦᠮᠦᠵᠢᠯ ᠤᠨ ᠶᠠᠮᠤᠨ᠄ 2020 ᠤᠨ ᠪᠤᠯᠬᠤ ᠳᠤ ᠬᠦᠭ᠍ᠵᠢᠯ ᠤᠨ ᠪᠡᠷᠬᠡᠰᠢᠶᠡᠯ ᠲᠠᠢ ᠪᠠᠭᠠᠴᠤᠳ ᠬᠡᠦᠬᠡᠳ ᠲᠦ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠭᠡᠬᠦ ᠨᠤᠷᠮ᠎ᠠ ᠶᠢ 95% ᠡᠴᠡ ᠲᠠᠪᠠᠭᠤᠯᠤᠨ᠎ᠠ

2017-07-31 11:39

    ᠤᠶᠢᠷ᠎ᠡ ᠳᠤ᠂ ᠰᠤᠷᠭᠠᠨ ᠬᠦᠮᠦᠵᠢᠯ ᠤᠨ ᠶᠠᠮᠤᠨ᠂ ᠤᠯᠤᠰ ᠤᠨ ᠬᠦᠭ᠍ᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠦᠮᠦᠨ ᠤ ᠨᠦᠬᠡᠴᠡ ᠪᠤᠯᠤᠨ ᠨᠡᠶᠢᠬᠡᠮ ᠤᠨ ᠪᠠᠳᠤᠯᠠᠭ᠎ᠠ ᠶᠢᠨ ᠶᠠᠮᠤᠨ᠂ ᠡᠷᠡᠬᠦᠯ ᠬᠠᠮᠠᠭᠠᠯᠠᠯ ᠲᠦᠯᠦᠪᠯᠡᠬᠡᠳᠤ ᠦᠷᠡᠵᠢᠯ ᠤᠨ ᠵᠦᠪᠯᠡᠯ ᠪᠤᠯᠤᠨ ᠲᠤᠮᠳᠠᠳᠤ ᠤᠯᠤᠰ ᠤᠨ ᠬᠦᠭ᠍ᠵᠢᠯ ᠤᠨ ᠪᠡᠷᠬᠡᠰᠢᠶᠡᠯ ᠤᠨ ᠬᠤᠯᠪᠤᠭ᠎ᠠ ᠬᠠᠮᠳᠤᠷᠠᠨ 《 ᠬᠤᠶᠠᠳᠤᠭᠠᠷ ᠬᠤᠭᠤᠴᠠᠭᠠᠨ ᠤ ᠤᠨᠴᠠᠭᠠᠢ ᠰᠤᠷᠭᠠᠨ ᠬᠦᠮᠦᠵᠢᠯ ᠢ ᠲᠡᠭᠡᠭ᠍ᠰᠢᠯᠡᠬᠦᠯᠬᠦ ᠲᠦᠰᠦᠯ (2017-2020 ᠤᠨ)》 ( ᠲᠤᠤᠷ᠎ᠠ《 ᠬᠤᠶᠠᠳᠤᠭᠠᠷ ᠬᠤᠭᠤᠴᠠᠭᠠᠨ ᠤ ᠲᠦᠰᠦᠯ》 ᠬᠡᠶ᠎ᠡ) ᠢ ᠨᠡᠶᠢᠳᠡᠯᠡᠵᠤ᠂ ᠲᠤᠰ ᠲᠦᠰᠦᠯ ᠢᠶᠡᠨ ᠠᠯᠪᠠᠨ ᠶᠤᠰᠤ ᠪᠡᠷ ᠬᠡᠷᠡᠭᠵᠢᠬᠦᠯᠬᠦ ᠪᠡᠷ ᠪᠤᠯᠤᠯ᠎ᠠ᠃

    2016 ᠤᠨ ᠤ ᠰᠡᠬᠦᠯᠴᠢ ᠪᠤᠯᠳᠠᠯ᠎ᠠ᠂ ᠬᠠᠷᠠᠭ᠎ᠠ᠂ ᠰᠤᠨᠤᠷ᠂ ᠤᠶᠤᠨ ᠤ ᠮᠡᠳᠡᠷᠡᠮᠵᠢ ᠵᠡᠷᠬᠡ ᠭᠤᠷᠪᠠᠨ ᠲᠦᠷᠦᠯ ᠤᠨ ᠬᠦᠭ᠍ᠵᠢᠯ ᠤᠨ ᠪᠡᠷᠬᠡᠰᠢᠶᠡᠯ ᠲᠠᠢ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠭᠰᠡᠨ ᠨᠤᠷᠮ᠎ᠠ 90%  ᠶ᠋ᠢ ᠲᠠᠪᠠᠵᠤ᠂ ᠰᠤᠷᠭᠠᠭᠤᠯᠢ ᠳᠤ ᠰᠠᠭᠤᠭ᠎ᠠ ᠰᠤᠷᠤᠭᠴᠢᠳ 49.2 ᠲᠦᠮᠡ ᠳᠤ ᠬᠦᠷᠪᠡ᠃

    《 ᠬᠤᠶᠠᠳᠤᠭᠠᠷ ᠬᠤᠭᠤᠴᠠᠭᠠᠨ ᠤ ᠲᠦᠰᠦᠯ》 ᠤ᠋ᠨ ᠶᠡᠷᠦᠩᠬᠡᠢ ᠬᠠᠷᠠᠯᠳᠠ ᠳᠤ 2020 ᠤᠨ ᠪᠤᠯᠬᠤ ᠳᠤ ᠬᠦᠭ᠍ᠵᠢᠯ ᠤᠨ ᠪᠡᠷᠬᠡᠰᠢᠶᠡᠯ ᠲᠠᠢ ᠬᠡᠦᠬᠡᠳ ᠪᠠᠭᠠᠴᠤᠳ ᠲᠦ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠭᠡᠬᠦ ᠨᠤᠷᠮ᠎ᠠ ᠶᠢ 95% ᠡᠴᠡ ᠲᠠᠪᠠᠭᠤᠯᠤᠨ᠎ᠠ ᠬᠡᠵᠡᠢ᠃ 

ᠢᠷᠡᠯᠳᠡ᠄ ᠰᠢᠨᠬᠤᠸᠠ ᠨᠧᠲ ᠪᠡᠯᠡᠳᠭᠡᠭ᠍ᠰᠡᠨ ᠨᠢ᠄ ᠪᠠᠢ ᠯᠢᠩ ᠳ᠋ᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120691121407541