蒙古文网站Logo
ᠰᠢᠨᠬᠤᠸᠠ ᠮᠤᠩᠭ᠋ᠤᠯ ᠨᠧᠲ

ᠰᠣᠷᠭᠠᠨ ᠬᠥᠮᠥᠵᠢᠯ ᠤᠨ ᠶᠠᠮᠤᠨ ᠄ ᠲᠤᠮᠳᠠᠳᠣ ᠪᠠᠭ᠎ᠠ ᠰᠣᠷᠭᠠᠭᠤᠯᠢ ᠶ᠋ᠢᠨ ᠰᠤᠷᠤᠬᠴᠢᠳ ᠤᠨ ᠵᠤᠨ ᠤ ᠠᠮᠠᠷᠠᠯᠳᠠ ᠶ᠋ᠢᠨ ᠲᠠᠰᠬᠠᠯ ᠢ ᠴᠦᠭᠡᠴᠢᠯᠡᠬᠦ ᠭᠡᠷᠡᠭᠳᠡᠢ

2017-08-04 10:51

    8 ᠰᠠᠷ᠎ᠠ ᠶ᠋ᠢᠨ 2 ᠤᠨ ᠡᠳᠦᠷ᠂ ᠰᠣᠷᠭᠠᠨ ᠬᠥᠮᠥᠵᠢᠯ ᠤᠨ ᠶᠠᠮᠤᠨ ᠡᠴᠡ《 ᠲᠤᠮᠳᠠᠳᠣ ᠪᠠᠭ᠎ᠠ ᠰᠣᠷᠭᠠᠭᠤᠯᠢ ᠶᠢᠨ ᠰᠤᠷᠤᠬᠴᠢᠳ ᠤᠨ 2017 ᠣᠨ ᠤ ᠵᠤᠨ ᠤ ᠠᠮᠠᠷᠠᠯᠳᠠ ᠶᠢᠨ ᠬᠠᠮᠢᠶᠠᠳᠠᠢ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ 》 ᠢ᠋ (ᠳᠤᠷᠤᠭᠰᠢ ᠳᠦᠭᠦᠮᠴᠢᠯᠡᠭᠡᠳ 《ᠮᠡᠳᠡᠭᠳᠡᠯ》 ᠬᠡᠨ᠎ᠠ) ᠨᠡᠶᠢᠳᠡᠯᠡᠪᠠ᠃

    《ᠮᠡᠳᠡᠭᠳᠡᠯ》 ᠳ᠋ᠤ᠂ ᠰᠤᠷᠤᠬᠴᠢᠳ ᠤᠨ ᠲᠠᠰᠬᠠᠯ ᠢ ᠴᠦᠭᠡᠳᠭᠡᠵᠦ᠂ ᠠᠮᠠᠷᠠᠯᠳᠠ ᠶᠢᠨ ᠬᠤᠭᠤᠴᠠᠭᠠᠨ ᠤ ᠠᠮᠢᠳᠣᠷᠠᠯ ᠢ ᠪᠠᠶᠠᠯᠢᠬᠵᠢᠭᠤᠯᠤᠨ᠂ ᠲᠤᠮᠳᠠᠳᠣ ᠪᠠᠭ᠎ᠠ ᠰᠣᠷᠭᠠᠭᠣᠯᠢ ᠶᠢᠨ ᠰᠤᠷᠤᠬᠴᠢᠳ ᠤᠨ ᠵᠤᠨ ᠤ ᠠᠮᠠᠷᠠᠯᠳᠠ ᠪᠠᠨ ᠠᠮᠥᠷ ᠲᠥᠪᠰᠢᠨ᠂ ᠪᠠᠶᠠᠷ ᠬᠥᠷ ᠲᠠᠢ᠂ ᠣᠳᠬ᠎ᠠ ᠠᠭᠤᠯᠭ᠎ᠠ ᠲᠠᠢ ᠥᠩᠭᠡᠷᠡᠭᠥᠯᠬᠦ ᠶᠢ ᠪᠠᠳᠣᠯᠠᠬᠤ ᠭᠡᠷᠡᠭᠳᠡᠢ ᠭᠡᠵᠦ ᠱᠠᠭᠠᠷᠳᠠᠬᠰᠠᠨ ᠪᠠᠶᠢᠨ᠎ᠠ᠃ 《 ᠮᠡᠳᠡᠭᠳᠡᠯ 》 ᠳ᠋ᠤ ᠴᠢᠬᠤᠯᠠᠴᠢᠯᠠᠬᠤ ᠳ᠋ᠠᠭᠠᠨ᠂ ᠲᠤᠮᠳᠠᠳᠣ ᠪᠠᠭ᠎ᠠ ᠰᠣᠷᠭᠠᠭᠣᠯᠢ ᠨᠤᠭᠤᠳ ᠣᠯᠣᠰ ᠤᠨ ᠬᠠᠮᠢᠶᠠᠳᠠᠢ ᠲᠤᠬᠳᠠᠭᠠᠯ ᠢ ᠴᠢᠩᠭ᠎ᠠ ᠨᠠᠶᠢᠳᠠᠪᠥᠷᠢᠵᠢᠭᠤᠯᠵᠦ᠂ ᠰᠤᠷᠤᠬᠴᠢᠳ ᠢ ᠵᠤᠬᠢᠶᠠᠨ ᠪᠠᠶᠢᠭᠤᠯᠤᠨ ᠨᠢᠭᠡᠳᠥᠯᠳᠡᠢ ᠬᠢᠴᠢᠶᠠᠯ ᠨᠥᠬᠦᠬᠦ ᠪᠠ ᠲᠥᠯᠥᠪᠥᠷᠢ ᠲᠠᠢ ᠬᠢᠴᠢᠶᠠᠯ ᠨᠥᠬᠦᠬᠦ ᠠᠵᠢᠯᠯᠠᠭ᠎ᠠ ᠶᠢ ᠲᠡᠰᠣ ᠬᠤᠷᠢᠬᠯᠠᠬᠤ ᠭᠡᠷᠡᠭᠳᠡᠢ᠃ ᠡᠯ᠎ᠡ ᠭᠠᠵᠠᠷ ᠤᠨ ᠰᠣᠷᠭᠠᠨ ᠬᠥᠮᠥᠵᠢᠯ ᠤᠨ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠢᠨ ᠰᠣᠷᠭᠠᠭᠣᠯᠢ ᠨᠤᠭᠤᠳ ᠤᠨ ᠲᠥᠷᠢᠮ ᠡᠴᠠ ᠵᠥᠷᠢᠴᠡᠨ ᠬᠢᠴᠢᠶᠠᠯ ᠨᠥᠬᠦᠬᠦ ᠥᠵᠡᠭᠳᠡᠯ ᠢ ᠴᠢᠩᠭ᠎ᠠ ᠪᠠᠶᠢᠴᠠᠭᠠᠨ ᠰᠢᠢᠳᠪᠥᠷᠢᠯᠡᠨ᠎ᠠ᠃

ᠢᠷᠡᠯᠳᠡ᠄ ᠳᠤᠮᠳᠠᠳᠤ ᠤᠯᠤᠰ ᠤᠨ ᠮᠣᠩᠭᠣᠯ ᠷᠠᠳᠢᠣ᠋ ᠰᠦᠯᠵᠢᠶ᠎ᠡ ᠪᠡᠯᠡᠳᠭᠡᠭ᠍ᠰᠡᠨ ᠨᠢ᠄ ᠰᠤᠷᠤᠶ᠎ᠠ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121431538