蒙古文网站Logo
ᠰᠢᠨᠬᠤᠸᠠ ᠮᠤᠩᠭ᠋ᠤᠯ ᠨᠧᠲ

ᠥᠪᠥᠷ ᠮᠣᠩᠭ᠋ᠤᠯ ᠤᠨ ᠴᠥᠬᠡᠨ ᠲᠣᠭᠠᠲᠤ ᠦᠨᠳᠦᠰᠦᠲᠡᠨ ᠤ ᠰᠤᠷᠭᠠᠨ ᠬᠥᠮᠥᠵᠢᠯ ᠳᠠᠬᠢᠨᠲᠠ ᠳᠡᠭᠡᠭ᠍ᠰᠢᠯᠡᠪᠡ

2017-08-05 16:22

    70 ᠵᠢᠯ ᠤᠨ ᠬᠥᠭ᠍ᠵᠢᠯᠲᠡ ᠪᠠᠷ ᠳᠠᠮᠵᠢᠭᠠᠳ᠂ ᠥᠪᠥᠷ ᠮᠣᠩᠭ᠋ᠤᠯ ᠤᠨ ᠦᠨᠳᠦᠰᠦᠲᠡᠨ ᠤ ᠰᠤᠷᠭᠠᠨ ᠬᠥᠮᠥᠵᠢᠯ ᠭᠢᠯᠠᠯᠵᠠᠭᠰᠠᠨ ᠠᠮᠵᠢᠯᠲᠠ ᠲᠠᠢ ᠪᠣᠯᠪᠠ᠃ ᠣᠳᠣᠬᠠᠨ ᠳᠤ᠂ ᠮᠣᠩᠭ᠋ᠤᠯ ᠦᠨᠳᠦᠰᠦᠲᠡᠨ ᠲᠥᠪᠯᠡᠷᠡᠨ ᠰᠠᠭᠤᠷᠢᠰᠢᠭ᠎ᠠ ᠭᠠᠵᠠᠷ ᠣᠷᠣᠨ ᠳᠤ ᠰᠤᠷᠭᠠᠭᠤᠯᠢ ᠡᠴᠡ ᠡᠮᠦᠨᠡᠬᠢ ᠮᠣᠩᠭ᠋ᠤᠯ ᠬᠢᠲᠠᠳ ᠬᠡᠯᠡᠨ ᠤ ᠰᠤᠷᠭᠠᠨ ᠬᠥᠮᠥᠵᠢᠯ ᠦᠨᠳᠦᠰᠦᠨ ᠳᠡᠭᠡᠨ ᠲᠦᠭᠡᠮᠡᠯᠵᠢᠵᠦ᠂ ᠪᠡᠶ᠎ᠡ ᠪᠠᠨ ᠳᠠᠭᠠᠭᠠᠭᠰᠠᠨ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠨᠢ ᠤᠷᠤᠨ ᠳᠠᠶᠠᠭᠠᠷ ᠤᠨ ᠶᠡᠷᠦᠩᠬᠡᠢ ᠲᠣᠭᠠᠨ ᠤ 17.51% ᠶᠢ ᠡᠵᠡᠯᠡᠵᠦ ᠪᠠᠶᠢᠨ᠎ᠠ᠃ ᠤᠷᠤᠨ ᠳᠠᠶᠠᠭᠠᠷ ᠤᠨ 24 ᠡᠩ ᠤᠨ ᠶᠡᠭᠡ ᠳᠡᠭᠡᠳᠦ ᠰᠤᠷᠭᠠᠭᠤᠯᠢ ᠳᠤ ᠮᠣᠩᠭ᠋ᠤᠯ ᠬᠢᠲᠠᠳ ᠬᠡᠯᠡ ᠪᠠᠷ ᠬᠢᠴᠢᠶᠡᠯᠯᠡᠬᠦ ᠲᠤᠰᠬᠠᠢ ᠮᠡᠷᠭᠡᠵᠢᠯ ᠪᠣᠯᠣᠨ ᠦᠨᠳᠦᠰᠦᠲᠡᠨ ᠤ ᠪᠡᠯᠡᠳᠬᠡᠯ ᠠᠩᠭᠢ 104 ᠪᠠᠶᠢᠵᠤ᠂ ᠰᠤᠷᠤᠯᠴᠠᠵᠤ ᠪᠠᠶᠢᠭ᠎ᠠ ᠬᠥᠮᠥᠨ ᠤ ᠲᠤᠭ᠎ᠠ ᠨᠢ ᠤᠷᠤᠨ ᠳᠠᠶᠠᠭᠠᠷ ᠤᠨ ᠰᠤᠷᠭᠠᠭᠤᠯᠢ ᠳᠤ ᠪᠠᠶᠢᠭ᠎ᠠ ᠣᠶᠤᠲᠠᠨ ᠤ ᠶᠡᠷᠦᠩᠬᠡᠢ ᠲᠣᠭᠠᠨ ᠤ 9.65% ᠶᠢ ᠡᠵᠡᠯᠡᠵᠦ ᠪᠠᠶᠢᠨ᠎ᠠ᠃

    2016 ᠣᠨ ᠤ 11 ᠰᠠᠷ᠎ᠠ ᠳᠤ᠂ ᠥᠪᠥᠷ ᠮᠣᠩᠭ᠋ᠤᠯ 《ᠥᠪᠥᠷ ᠮᠣᠩᠭ᠋ᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠥᠮᠥᠵᠢᠯ ᠤᠨ ᠳᠦᠷᠢᠮ》 ᠢ᠋ ᠠᠯᠪᠠᠨ ᠶᠣᠰᠣᠭᠠᠷ ᠨᠡᠶᠢᠲᠡᠯᠡᠨ ᠬᠡᠷᠡᠭᠵᠢᠭᠦᠯᠵᠦ᠂ ᠦᠨᠳᠦᠰᠦᠲᠡᠨ ᠤ ᠰᠤᠷᠭᠠᠨ ᠬᠥᠮᠥᠵᠢᠯ ᠤᠨ ᠬᠥᠭ᠍ᠵᠢᠯᠲᠡ ᠳᠤ ᠬᠠᠤᠯᠢ ᠶᠢᠨ ᠪᠠᠲᠤᠯᠠᠭ᠎ᠠ ᠲᠠᠢ ᠪᠣᠯᠪᠠ᠃ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠨᠢ᠂ ᠦᠨᠳᠦᠰᠦᠲᠡᠨ ᠤ ᠰᠤᠷᠭᠠᠨ ᠬᠥᠮᠥᠵᠢᠯ ᠢ ᠡᠩ ᠲᠡᠷᠢᠭᠦᠨ ᠳᠤ ᠭᠤᠣᠯᠳᠠᠯᠭ᠎ᠠ ᠲᠠᠢ ᠪᠠᠷ ᠬᠥᠭ᠍ᠵᠢᠭᠦᠯᠵᠦ᠂ ᠦᠨᠳᠦᠰᠦᠲᠡᠨ ᠤ ᠰᠤᠷᠭᠠᠨ ᠬᠥᠮᠥᠵᠢᠯ ᠢ ᠤᠯᠤᠰ ᠤᠨ ᠲᠣᠲᠣᠭᠠᠲᠤ ᠳᠤ ᠲᠡᠷᠢᠭᠦᠨ ᠤ ᠬᠢᠷᠢ ᠲᠦᠪᠰᠢᠨ ᠳᠤ ᠪᠠᠶᠢᠯᠭᠠᠬᠤ ᠬᠡᠷᠡᠭᠲᠡᠢ ᠭᠡᠪᠡ᠃ ᠦᠪᠦᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠥᠵᠢᠯ ᠤᠨ ᠲᠢᠩᠬᠢᠮ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠤᠷᠤᠨ ᠳᠠᠶᠠᠭᠠᠷ ᠤᠨ ᠰᠤᠷᠭᠠᠭᠤᠯᠢ ᠨᠤᠭᠤᠳ ᠲᠤ ᠴᠥᠬᠡᠨ ᠲᠣᠭᠠᠲᠤ ᠦᠨᠳᠦᠰᠦᠲᠡᠨ ᠤ ᠰᠤᠷᠤᠭᠴᠢ ᠶᠢᠨ ᠡᠵᠡᠯᠡᠬᠦ ᠬᠠᠷᠢᠴᠠᠯ ᠨᠢ ᠬᠥᠮᠥᠨ ᠠᠮᠠ ᠶᠢᠨ ᠡᠵᠡᠯᠡᠬᠦ ᠬᠠᠷᠢᠴᠠᠯ ᠠᠴᠠ ᠪᠡᠨ ᠳᠠᠪᠠᠵᠤ᠂ ᠭᠤᠣᠯ ᠪᠣᠯᠬᠤ ᠰᠤᠷᠭᠠᠨ ᠬᠥᠮᠥᠵᠢᠯ ᠤᠨ ᠭᠦᠢᠴᠡᠳᠬᠡᠯ ᠲᠤᠭ᠎ᠠ ᠨᠢ ᠴᠥᠮ ᠤᠷᠤᠨ ᠳᠠᠶᠠᠭᠠᠷ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠠᠶᠢᠵᠤ᠂ ᠴᠥᠬᠡᠨ ᠲᠣᠭᠠᠲᠤ ᠦᠨᠳᠦᠰᠦᠲᠡᠨ ᠤ ᠰᠤᠷᠭᠠᠨ ᠬᠥᠮᠥᠵᠢᠯ ᠬᠦᠷᠲᠡᠬᠦ ᠬᠡᠪᠴᠢᠶᠡᠵᠢᠯ ᠪᠣᠯᠣᠨ ᠬᠢᠷᠢ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠡᠢ᠃

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121436579