蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠢᠷᠡᠬᠦ 10 ᠵᠢᠯ ᠤᠨ ᠲᠤᠲᠤᠷ᠎ᠠ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠶᠢ 4 – 6 ᠪᠠᠶᠢᠭᠤᠯᠤᠨ᠎ᠠ

2017-08-16 16:51

    ᠰᠡᠬᠦᠯ ᠤᠨ ᠦᠶ᠎ᠠ ᠳ᠋ᠤ ᠲᠦᠪ ᠤᠨ ᠢᠨᠲ᠋ᠧᠷᠨᠧᠲ ᠮᠡᠲᠡᠭᠡ ᠵᠠᠩᠬᠢᠴᠢᠯᠠᠯᠲᠠ ᠶᠢᠨ ᠠᠯᠪᠠᠨ᠂ ᠰᠤᠷᠭᠠᠨ ᠬᠦᠮᠦᠵᠢᠯ ᠤᠨ ᠶᠠᠮᠤᠨ ᠡᠴᠡ 《 ᠲᠡᠷᠢᠬᠦᠨ ᠤ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠶᠢ ᠪᠠᠶᠢᠭᠤᠯᠬᠤ ᠵᠢᠱᠢᠶ᠎ᠡ ᠦᠵᠡᠬᠦᠯᠬᠦ ᠲᠦᠰᠦᠯ ᠤᠨ ᠬᠠᠮᠢᠶᠠᠷᠤᠯᠲᠠ ᠶᠢᠨ ᠠᠷᠭ᠎ᠠ》 ᠶᠢ ᠪᠠᠭᠤᠯᠭᠠᠵᠦ᠂ 2017 ᠤᠨ ᠡᠴᠡ 2027 ᠤᠨ ᠤ ᠬᠤᠭᠤᠷᠤᠨᠲᠤ ᠲᠡᠷᠢᠬᠦᠨ ᠤ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠶᠢ ᠪᠠᠶᠢᠭᠤᠯᠬᠤ ᠵᠢᠱᠢᠶ᠎ᠡ ᠦᠵᠡᠬᠦᠯᠬᠦ ᠲᠦᠰᠦᠯ ᠢ ᠬᠡᠷᠡᠭᠵᠢᠬᠦᠯᠵᠦ᠂ ᠤᠯᠤᠰ ᠤᠨ ᠲᠤᠲᠤᠭᠠᠲᠤ ᠳ᠋ᠤ ᠬᠦᠯᠢᠶᠡᠨ ᠵᠦᠪᠰᠢᠶᠡᠷᠡᠯᠲᠡ ᠲᠠᠢ᠂ ᠲᠡᠯᠡᠬᠡᠢ ᠳ᠋ᠠᠬᠢᠨ ᠳ᠋ᠤ ᠴᠤ ᠨᠦᠯᠦᠭᠡ ᠲᠠᠢ ᠨᠡᠷ᠎ᠡ ᠠᠯᠲᠠᠷᠰᠢᠯ ᠲᠠᠢ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠶᠢ 4 – 6 ᠪᠠᠶᠢᠭᠤᠯᠤᠨ᠎ᠠ ᠭᠡᠵᠡᠢ᠃

    ᠲᠤᠤᠷᠠᠬᠢ ᠭᠤᠷᠪᠠᠨ ᠲᠠᠯ᠎ᠠ ᠶᠢᠨ ᠨᠦᠬᠦᠴᠡᠯ ᠢ ᠪᠦᠷᠢᠯᠲᠦᠬᠦᠯᠪᠡᠯ ᠰᠠᠶ᠊ᠢ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠶᠢ ᠪᠠᠶᠢᠭᠤᠯᠬᠤ ᠪᠡᠷ ᠡᠷᠡᠮᠡᠯᠵᠡᠵᠦ ᠪᠤᠯᠤᠨ᠎ᠠ᠃ ᠨᠢᠭᠡ ᠳ᠋ᠤ᠂ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠶᠢ ᠪᠠᠶᠢᠭᠤᠯᠬᠤ ᠤᠨᠴᠠᠭᠠᠢ ᠪᠤᠲᠤᠯᠭ᠎ᠠ ᠶᠢ ᠲᠤᠭᠲᠠᠭᠠᠭᠰᠠᠨ ᠪᠤᠶᠤ ᠲᠤᠭᠲᠠᠭᠠᠬᠤ ᠭᠡᠵᠦ ᠪᠠᠶᠢᠭ᠎ᠠ ; ᠬᠤᠶᠠᠷ ᠲᠤ᠂ ᠢᠨᠲ᠋ᠧᠷᠨᠧᠲ ᠤᠨ ᠠᠶᠤᠯᠬᠦᠢ ᠶᠢᠨ ᠪᠠᠭᠰᠢ ᠶᠢᠨ ᠡᠩᠨᠡᠭᠡ ᠪᠠ ᠪᠦᠷᠢᠨ ᠲᠦᠬᠦᠷ ᠦᠨᠳᠦᠰᠦᠨ ᠠᠩᠬᠢ ᠶᠢᠨ ᠰᠤᠷᠤᠭᠴᠢ᠂ ᠠᠰᠫᠢᠷᠠᠨᠲ ᠵᠢᠴᠢ ᠵᠢᠭᠠᠨ ᠰᠤᠷᠭᠠᠯᠲᠠ ᠲᠤᠷᠰᠢᠯᠲᠠ ᠶᠢᠨ ᠨᠦᠬᠦᠴᠡᠯ ; ᠭᠤᠷᠪᠠ ᠳ᠋ᠦ᠂ ᠲᠤᠰᠭ᠋᠌ᠠᠷ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠪᠠᠶᠢᠭᠤᠯᠵᠤ ᠲᠡᠶᠢᠯᠬᠦ ᠵᠡᠷᠭᠡ᠃ ᠡᠷᠡᠮᠡᠯᠡᠵᠡᠬᠦ ᠰᠤᠷᠭᠠᠭᠤᠯᠢ ᠶᠢ 10 ᠲᠤᠲᠤᠷ᠎ᠠ ᠬᠢᠵᠠᠭᠠᠷᠯᠠᠨ ᠡᠷᠡᠮᠡᠯᠵᠡᠬᠦ ᠠᠵᠢᠯ ᠢ ᠬᠤᠶᠠᠷ ᠵᠢᠯ ᠳ᠋ᠤ ᠨᠢᠭᠡ ᠤᠲᠠᠭ᠎ᠠ ᠬᠦᠯᠢᠶᠡᠨ ᠰᠢᠢᠳᠪᠦᠷᠢᠯᠡᠨ᠎ᠠ᠃

    ᠲᠡᠷᠢᠬᠦᠨ ᠤ ᠢᠨᠲ᠋ᠧᠷᠨᠧᠲ ᠤᠨ ᠠᠶᠤᠯᠬᠦᠢ ᠶᠢᠨ ᠲᠡᠭᠡᠲᠦ ᠰᠤᠷᠭᠠᠭᠤᠯᠢ ᠶᠢ ᠪᠠᠶᠢᠭᠤᠯᠬᠤ ᠵᠢᠱᠢᠶ᠎ᠡ ᠦᠵᠡᠬᠦᠯᠬᠦ ᠲᠦᠰᠦᠯ ᠨᠢ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠦ᠂ ᠦᠨᠳᠦᠷ ᠲᠦᠪᠰᠢᠨ ᠤ ᠰᠤᠲᠤᠯᠭᠠᠨ ᠤ ᠠᠵᠢᠯ ᠦᠷᠨᠢᠬᠦᠯᠵᠦ᠂ ᠦᠨᠳᠦᠰᠦᠨ ᠠᠩᠬᠢ᠂ ᠠᠰᠫᠢᠷᠠᠨᠲ ᠤᠨ ᠰᠤᠷᠭᠠᠨ ᠬᠦᠮᠦᠵᠢᠯ ᠪᠠ ᠢᠨᠲ᠋ᠧᠷᠨᠧᠲ ᠤᠨ ᠠᠶᠤᠯᠬᠦᠢ ᠶᠢᠨ ᠴᠢᠲᠠᠪᠤᠷᠢᠲᠠᠨ ᠢ ᠬᠦᠮᠦᠵᠢᠬᠦᠯᠬᠦ ᠲᠤᠭᠲᠠᠯᠴᠠᠭ᠎ᠠ ᠶᠢ ᠲᠡᠭᠦᠯᠲᠡᠷᠵᠢᠬᠦᠯᠦᠨ᠎ᠠ ; ᠰᠤᠷᠭᠠᠭᠤᠯᠢ ᠶᠢᠨ ᠪᠤᠲᠠᠲᠤ ᠪᠠᠶᠢᠲᠠᠯ ᠳ᠋ᠠᠭᠠᠨ ᠰᠠᠭᠤᠷᠢᠯᠠᠨ ᠢᠨᠲ᠋ᠧᠷᠨᠧᠲ ᠤᠨ ᠠᠶᠤᠯᠬᠦᠢ ᠶᠢᠨ ᠲᠤᠰᠬᠠᠢ ᠮᠡᠷᠭᠡᠵᠢᠯ ᠤᠨ ᠴᠢᠭᠯᠡᠯ ᠢᠶᠡᠨ ᠦᠷᠭᠡᠳᠬᠡᠨ᠂ ᠡᠯᠰᠡᠬᠦ ᠰᠤᠷᠤᠭᠴᠢ ᠶᠢᠨ ᠬᠡᠪᠴᠢᠶ᠎ᠠ᠂ ᠰᠢᠨᠵᠢᠯᠡᠭᠡᠨ ᠤ ᠬᠡᠪᠴᠢᠶ᠎ᠠ ᠵᠡᠷᠭᠡ ᠪᠠᠨ ᠲᠤᠭᠲᠠᠭᠠᠨ᠎ᠠ᠃

ᠢᠷᠡᠯᠳᠡ᠄ ᠲᠤᠮᠲᠠᠲᠤ ᠤᠯᠤᠰ ᠤᠨ ᠰᠤᠷᠭᠠᠨ ᠬᠦᠮᠦᠵᠢᠯ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121493775