蒙古文网站Logo
ᠰᠢᠨᠬᠤᠸᠠ ᠮᠤᠩᠭ᠋ᠤᠯ ᠨᠧᠲ

ᠴᠢᠩᠬᠤᠧᠠ ᠶᠡᠬᠡ ᠰᠤᠷᠭᠠᠭᠤᠯᠢ ᠶᠢᠨ ᠨᠡᠷᠡᠨ ᠤ ᠬᠡᠮᠨᠡᠭᠦᠷ ᠲᠤ ᠲᠤᠷ᠎ᠠ ᠪᠡᠷ ᠰᠡᠶᠢᠯᠦᠭᠰᠡᠨ ᠦᠰᠦᠭ ᠢ ᠠᠷᠢᠯᠭᠠᠨ ᠵᠠᠰᠠᠪᠠ

2017-08-18 17:08

    ᠰᠢᠨᠬᠤᠧᠠ ᠬᠤᠷᠢᠶ᠎ᠠ   ᠪᠡᠭᠡᠵᠢᠩ ᠤᠨ 8 ᠰᠠᠷ᠎ᠠ ᠶᠢᠨ 17 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠰᠦᠨ ᠴᠢ ) 8 ᠰᠠᠷ᠎ᠠ ᠶᠢᠨ 17 ᠤ ᠡᠲᠦᠷ᠂ ᠴᠢᠩᠬᠤᠧᠠ ᠶᠡᠬᠡ ᠰᠤᠷᠭᠠᠭᠤᠯᠢ ᠶᠢᠨ ᠶᠤᠰᠤᠯᠠᠯ ᠤᠨ ᠲᠢᠩᠬᠢᠮ ᠤᠨ ᠵᠦᠯᠭᠡᠨ ᠤ ᠡᠮᠦᠨᠡᠬᠢ ᠨᠡᠷᠡᠨ ᠤ ᠬᠡᠮᠨᠡᠭᠦᠷ ᠲᠤ ᠲᠤᠷ᠎ᠠ ᠪᠡᠷ ᠦᠰᠦᠭ ᠰᠡᠶᠢᠯᠦᠭᠰᠡᠨ ᠬᠡᠷᠡᠭ ᠨᠢ ᠨᠡᠶᠢᠭᠡᠮ ᠨᠡᠶᠢᠲᠡ ᠶᠢᠨ ᠬᠢᠨ ᠤ ᠠᠩᠬᠠᠷᠤᠯ ᠳ᠋ᠤ ᠬᠦᠷᠪᠡ᠃ ᠰᠤᠷᠭᠠᠭᠤᠯᠢ ᠶᠢᠨ ᠲᠠᠯ᠎ᠠ ᠡᠴᠡ ᠲᠠᠷᠤᠢ ᠲᠦᠷᠭᠡᠨ ᠪᠠᠶᠢᠴᠠᠭᠠᠵᠤ ᠠᠷᠢᠯᠭᠠᠨ ᠵᠠᠰᠠᠭᠰᠠᠨ ᠭᠡᠵᠦ ᠴᠢᠩᠬᠤᠧᠠ ᠶᠡᠬᠡ ᠰᠤᠷᠭᠠᠭᠤᠯᠢ ᠶᠢᠨ ᠬᠢᠨ ᠢᠯᠡᠷᠬᠡᠶᠢᠯᠡᠪᠡ᠃

    ᠨᠠᠷᠠᠨ ᠤ ᠬᠡᠮᠨᠡᠬᠦᠷ ᠪᠤᠯ ᠴᠢᠩᠬᠤᠧᠠ ᠶᠡᠬᠡ ᠰᠤᠷᠭᠠᠭᠤᠯᠢ ᠶᠢᠨ ᠴᠢᠬᠤᠯᠠ ᠲᠤᠷᠠᠰᠬᠠᠯ ᠤᠨ ᠦᠵᠡᠮᠵᠢ ᠪᠠᠶᠢᠵᠤ᠂ ᠦᠶ᠎ᠠ ᠦᠶ᠎ᠠ ᠶᠢᠨ ᠴᠢᠩᠬᠤᠧᠠᠴᠤᠳ ᠢ ᠵᠤᠷᠢᠭᠵᠢᠭᠤᠯᠵᠤ ᠬᠦᠮᠦᠵᠢᠬᠦᠯᠦᠭᠰᠡᠭᠡᠷ ᠢᠷᠡᠪᠡ᠃ ᠨᠡᠷᠡᠨ ᠤ ᠬᠡᠮᠨᠡᠭᠦᠷ ᠲᠤ ᠲᠤᠷ᠎ᠠ ᠪᠡᠷ ᠦᠰᠦᠭ ᠰᠡᠶᠢᠯᠦᠭᠰᠡᠨ ᠬᠡᠷᠡᠭ ᠲᠤ ᠪᠠᠭᠰᠢ ᠰᠤᠷᠤᠭᠴᠢᠳ ᠲᠦᠢᠯ ᠢᠶᠡᠷ ᠬᠠᠷᠠᠮᠰᠠᠵᠤ ᠪᠠᠶᠢᠬᠤ ᠪᠦᠭᠡᠳ ᠪᠤᠯᠪᠠᠰᠤᠨ ᠪᠤᠰᠤ ᠠᠵᠢᠯᠯᠠᠭ᠎ᠠ ᠶᠢ ᠵᠢᠮᠡᠯᠡᠨ ᠪᠤᠷᠤᠭᠤᠰᠢᠶᠠᠵᠤ ᠪᠠᠶᠢᠬᠤ ᠪᠠᠨ ᠢᠯᠡᠷᠬᠡᠶᠢᠯᠡᠪᠡ᠃ ᠰᠤᠷᠭᠠᠭᠤᠯᠢ ᠶᠢᠨ ᠬᠦᠷᠢᠶᠠᠨ ᠤ ᠬᠠᠮᠢᠶᠠᠷᠤᠯᠲᠠ ᠪᠠ ᠬᠠᠮᠠᠭᠠᠯᠠᠯᠲᠠ ᠪᠠᠨ ᠤᠯᠠᠮ ᠴᠢᠩᠭ᠋ᠠᠳᠬᠠᠵᠤ᠂ ᠰᠤᠷᠭᠠᠭᠤᠯᠢ ᠶᠢᠨ ᠬᠦᠷᠢᠶᠠᠨ ᠤ ᠲᠤᠷᠠᠰᠬᠠᠯᠲᠤ ᠪᠤᠲᠠᠰ᠂ ᠦᠵᠡᠮᠵᠢ᠂ ᠤᠷᠴᠢᠨ ᠲᠤᠭᠤᠷᠢᠨ ᠵᠡᠷᠭᠡ ᠡᠪᠲᠡᠯᠡᠭᠡ ᠳ᠋ᠤ ᠤᠴᠠᠷᠠᠪᠠᠯ ᠬᠠᠦᠯᠢ ᠲᠤᠭᠲᠠᠭᠠᠮᠵᠢ ᠶᠢᠨ ᠲᠠᠭᠠᠤ ᠴᠢᠩᠭ᠋᠎ᠠ ᠰᠢᠢᠳᠭᠡᠨ᠎ᠡ ᠭᠡᠵᠤ ᠴᠢᠩᠬᠤᠧᠠ ᠶᠡᠬᠡ ᠰᠤᠷᠭᠠᠭᠤᠯᠢ ᠶᠢᠨ ᠬᠢᠨ ᠢᠯᠡᠷᠬᠡᠶᠢᠯᠡᠪᠡ᠃

    ᠲᠠᠨᠢᠯᠴᠠᠭᠤᠯᠤᠭᠰᠠᠨ ᠢᠶᠡᠷ᠂ ᠡᠨᠡᠬᠦ ᠨᠠᠷᠠᠨ ᠤ ᠬᠡᠮᠨᠡᠬᠦᠷ ᠪᠤᠯ 1920 ᠤᠨ ᠳ᠋ᠤ ᠰᠤᠷᠭᠠᠭᠤᠯᠢ ᠲᠡᠭᠦᠰᠦᠭᠰᠡᠨ ᠰᠤᠷᠤᠭᠴᠢᠳ ᠡᠴᠡ ᠡᠬᠡ ᠰᠤᠷᠭᠠᠭᠤᠯᠢ ᠳ᠋ᠠᠭᠠᠨ ᠪᠡᠯᠡᠭᠯᠡᠭᠰᠡᠨ ᠲᠤᠷᠠᠰᠬᠠᠯ ᠤᠨ ᠪᠤᠲᠠᠰ ᠪᠤᠯᠬᠤ ᠶᠤᠮ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121506641