蒙古文网站Logo
ᠰᠢᠨᠬᠤᠸᠠ ᠮᠤᠩᠭ᠋ᠤᠯ ᠨᠧᠲ

ᠤᠷᠤᠨ ᠲᠠᠶᠠᠭᠠᠷ ᠤᠨ ᠲᠠᠪᠤᠲᠤᠭᠠᠷ ᠬᠤᠭᠤᠴᠠᠭᠠᠨ ᠤ《 ᠨᠤᠮ ᠡᠷᠲᠡᠨᠢ》 ᠬᠡᠦᠬᠡᠳ ᠤᠨ ᠮᠤᠩᠭ᠋ᠤᠯ ᠰᠢᠯᠦᠭ ᠤᠨ ᠤᠷᠤᠯᠲᠤᠭᠠᠨ ᠬᠦᠬᠡᠬᠤᠲᠠ ᠳ᠋ᠤ ᠪᠤᠯᠵᠤ ᠦᠩᠭᠡᠷᠡᠪᠡ

2017-08-20 11:41

    ᠰᠢᠨᠬᠤᠧᠠ ᠮᠤᠩᠭ᠋ᠤᠯ ᠨᠧᠲ   ᠬᠦᠬᠡᠬᠤᠲᠠ ᠶᠢᠨ 8 ᠰᠠᠷ᠎ᠠ ᠶᠢᠨ 20 ᠤ ᠡᠲᠦᠷ ᠤᠨ ᠴᠠᠬᠢᠯᠭᠠᠨ ᠮᠡᠲᠡᠭᠡ ( ᠬ ᠦᠵᠡᠰᠭᠦᠯᠡᠩ ) 19 ᠤ ᠡᠲᠦᠷ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠬᠦ ᠪᠡᠷ ᠦᠪᠦᠷ ᠮᠤᠩᠭ᠋ᠤᠯ ᠤᠨ ᠨᠤᠮ ᠡᠴᠡ ᠰᠠᠩ ᠡᠴᠡ ᠵᠤᠬᠢᠶᠠᠨ ᠪᠠᠶᠢᠭᠤᠯᠤᠭᠰᠠᠨ ᠲᠠᠪᠤᠲᠤᠭᠠᠷ ᠬᠤᠭᠤᠴᠠᠭᠠᠨ ᠤ《ᠨᠤᠮ ᠡᠷᠲᠡᠨᠢ》 ᠬᠡᠦᠬᠡᠳ ᠤᠨ ᠮᠤᠩᠭ᠋ᠤᠯ ᠰᠢᠯᠦᠭ ᠤᠨ ᠤᠷᠤᠯᠲᠤᠭᠠᠨ ᠬᠦᠬᠡᠬᠤᠲᠠ ᠳ᠋ᠤ ᠪᠤᠯᠵᠤ ᠦᠩᠭᠡᠷᠡᠯ᠎ᠡ᠃

( ᠵᠢᠷᠤᠭ ᠢ ᠦᠪᠦᠷ ᠮᠤᠩᠭ᠋ᠤᠯ ᠤᠨ ᠨᠤᠮ ᠤᠨ ᠰᠠᠩ ᠬᠠᠩᠭ᠋ᠠᠪᠠ )

    ᠤᠶᠢᠯᠠᠭᠠᠭᠰᠠᠨ ᠢᠶᠡᠷ ᠲᠤᠰ ᠬᠤᠭᠤᠴᠠᠭᠠᠨ ᠤ ᠤᠷᠤᠯᠲᠤᠭᠠᠨ ᠴᠡᠴᠡᠷᠯᠢᠭ᠌᠌ ᠤᠨ ᠪᠠᠭ᠂ ᠪᠠᠭ᠎ᠠ ᠰᠤᠷᠭᠠᠭᠤᠯᠢ ᠶᠢᠨ ᠲᠤᠤᠷᠠᠲᠤ ᠠᠩᠬᠢ ᠶᠢᠨ ᠪᠠᠭ᠂ ᠪᠠᠭ᠎᠎ᠠ ᠰᠤᠷᠭᠠᠭᠤᠯᠢ ᠶᠢᠨ ᠲᠡᠭᠡᠳᠦ ᠠᠩᠬᠢ  ᠶᠢᠨ ᠪᠠᠭ ᠬᠤᠪᠢᠶᠠᠨ ᠠᠩᠬᠠᠨ ᠤ ᠰᠢᠯᠭᠠᠷᠠᠭᠤᠯᠤᠯᠲᠠ ᠪᠡᠷ 56 ᠪᠦᠲᠦᠭᠡᠯ ᠴᠤᠯᠭᠤᠷᠠᠨ ᠰᠢᠢᠳᠪᠦᠷᠢᠲᠦ ᠤᠷᠤᠯᠲᠤᠭᠠᠨ ᠳ᠋ᠤ ᠤᠷᠤᠯᠴᠠᠪᠠ᠃

    ᠬᠢᠨᠠᠭᠴᠢᠳ ᠤᠨ ᠲᠦᠪ ᠭᠤᠤᠯᠴᠢ ᠤᠨᠤᠭ᠎ᠠ ᠦᠭ᠍ᠬᠦᠯᠲᠠ ᠪᠠ ᠬᠡᠦᠬᠡᠳ ᠤᠨ ᠬᠤᠷᠴᠠ ᠠᠪᠬᠠᠯᠵᠢ ᠤᠷᠠᠨ ᠲᠤᠲᠤ ᠢᠷᠠᠭᠤ ᠤᠩᠰᠢᠯᠭ᠎ᠠ ᠪᠡᠷ ᠴᠡᠴᠡᠷᠯᠢᠭ᠌᠌ ᠤᠨ ᠪᠠᠭ ᠲᠤ ᠵᠡᠬᠦᠨ ᠦᠵᠦᠮᠦᠴᠢᠨ ᠬᠤᠰᠢᠭᠤᠨ ᠤ ᠭᠢᠯᠪᠠᠭ᠎ᠠ《 ᠮᠠᠯᠴᠢᠨ》 ᠪᠦᠲᠦᠭᠡᠯ ᠢᠶᠡᠷ ᠢᠶᠡᠨ᠂ ᠠᠷᠤ ᠬᠤᠷᠴᠢᠨ ᠬᠤᠰᠢᠭᠤᠨ ᠤ ᠠᠵᠠᠰᠠᠶᠢᠬᠠᠨ 《ᠡᠵᠢ 》ᠪᠦᠲᠦᠭᠡᠯ ᠢᠶᠡᠷ ᠢᠶᠡᠨ; ᠪᠠᠭ᠎ᠠ ᠰᠤᠷᠭᠠᠭᠤᠯᠢ ᠶᠢᠨ ᠲᠤᠤᠷᠠᠲᠤ ᠠᠩᠬᠢ ᠶᠢᠨ ᠪᠠᠭ ᠲᠤ ᠵᠡᠬᠦᠨ ᠦᠵᠦᠮᠦᠴᠢᠨ ᠬᠤᠰᠢᠭᠤᠨ ᠤ ᠪᠤᠯᠤᠷᠮ᠎ᠠ《 ᠮᠤᠩᠭ᠋ᠤᠯ ᠬᠡᠯᠡ》ᠪᠦᠲᠦᠭᠡᠯ ᠢᠶᠡᠷ ᠢᠶᠡᠨ; ᠪᠠᠷᠠᠭᠤᠨ ᠦᠵᠦᠮᠦᠴᠢᠨ ᠬᠤᠰᠢᠭᠤᠨ ᠤ ᠨᠠᠮᠤᠬᠠᠨ 《 ᠦᠵᠦᠮᠦᠴᠢᠨ》ᠪᠦᠲᠦᠭᠡᠯ ᠢᠶᠡᠷ ᠢᠶᠡᠨ᠂ ᠪᠠᠭ᠎ᠠ ᠰᠤᠷᠭᠠᠭᠤᠯᠢ ᠶᠢᠨ ᠲᠡᠭᠡᠲᠦ ᠠᠩᠬᠢ ᠶᠢᠨ ᠪᠠᠭ ᠲᠤ ᠵᠡᠬᠦᠨ ᠦᠵᠦᠮᠦᠴᠢᠨ ᠬᠤᠰᠢᠭᠤᠨ ᠤ ᠵᠤᠯᠰᠠᠷᠠ《ᠤᠷᠲᠤ ᠶᠢᠨ ᠲᠠᠭᠤᠤ 》ᠪᠦᠲᠦᠭᠡᠯ ᠢᠶᠡᠷ ᠢᠶᠡᠨ; ᠵᠡᠬᠦᠨ ᠦᠵᠦᠮᠦᠴᠢᠨ ᠬᠤᠰᠢᠭᠤᠨ ᠤ ᠴᠡᠯᠭᠡᠮ᠎ᠡ《 ᠶᠢᠷᠲᠢᠨᠴᠦ ᠶᠢᠨ ᠰᠠᠶᠢᠬᠠᠨ ᠦᠪᠦᠷ ᠮᠤᠩᠭ᠋ᠤᠯ》ᠪᠦᠲᠦᠭᠡᠯ ᠢᠶᠡᠷ ᠢᠶᠡᠨ᠂ ᠲᠡᠷᠢᠬᠦᠨ ᠪᠠᠶᠢᠷᠢ ᠳ᠋ᠤ ᠲᠤᠲᠤᠷᠠᠪᠠ᠃ 

ᠢᠷᠡᠯᠳᠡ᠄ ᠰᠢᠨᠬᠤᠧᠠ ᠮᠤᠩᠭ᠋ᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121511768