蒙古文网站Logo
ᠰᠢᠨᠬᠤᠸᠠ ᠮᠤᠩᠭ᠋ᠤᠯ ᠨᠧᠲ

ᠪᠠᠭ᠎ᠠ ᠰᠤᠷᠭᠠᠭᠤᠯᠢ ᠶᠢᠨ ᠨᠢᠭᠡᠲᠦᠭᠡᠷ ᠤᠨ ᠡᠴᠡ ᠡᠬᠢᠯᠡᠨ ᠰᠢᠨᠵᠢᠯᠡᠬᠦ ᠤᠬᠠᠭᠠᠨ ᠤ ᠬᠢᠴᠢᠶᠠᠯ ᠰᠤᠷᠬᠤ ᠪᠤᠯᠪᠠ

2017-08-28 17:02

    ᠰᠢᠨᠬᠤᠧᠠ ᠬᠤᠷᠢᠶ᠎ᠠ   ᠪᠡᠭᠡᠵᠢᠩ ᠤᠨ 8 ᠰᠠᠷ᠎ᠠ ᠶᠢᠨ 27 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠤᠤ ᠸᠠᠨ ᠸᠸᠢ ) ᠡᠨᠡ ᠤᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠡᠴᠡ ᠡᠬᠢᠯᠡᠡ ᠮᠠᠨ ᠤ ᠤᠯᠤᠰ ᠪᠠᠭ᠎ᠠ ᠰᠤᠷᠭᠠᠭᠤᠯᠢ ᠶᠢᠨ ᠨᠢᠭᠡᠲᠦᠭᠡᠷ ᠤᠨ ᠳᠤ ᠰᠢᠨᠵᠢᠯᠡᠬᠦ ᠤᠬᠠᠭᠠᠨ ᠤ ᠬᠢᠴᠢᠶᠠᠯ ᠲᠤᠬᠢᠷᠠᠭᠤᠯᠬᠤ ᠪᠠᠷ ᠪᠤᠯᠪᠠ᠃ ᠤᠤᠯ ᠨᠢ ᠰᠢᠨᠵᠢᠯᠡᠬᠦ ᠤᠬᠠᠭᠠᠨ ᠤ ᠬᠢᠴᠢᠶᠠᠯ ᠢ ᠪᠠᠭ᠎ᠠ ᠰᠤᠷᠭᠠᠭᠤᠯᠢ ᠶᠢᠨ ᠭᠤᠷᠪᠠᠲᠤᠭᠠᠷ ᠤᠨ ᠡᠴᠡ ᠵᠢᠷᠭᠤᠲᠤᠭᠠᠷ ᠤᠨ ᠤ ᠬᠤᠭᠤᠷᠤᠨᠲᠤ ᠲᠤᠬᠢᠷᠠᠭᠤᠯᠲᠠᠭ ᠪᠠᠶᠢᠪᠠ᠃ ᠲᠤᠰ ᠤᠲᠠᠭᠠᠨ ᠤ ᠲᠤᠬᠢᠷᠠᠭᠤᠯᠤᠯᠲᠠ ᠨᠢ ᠡᠬᠢᠯᠡᠵᠦ ᠰᠤᠷᠬᠤ ᠴᠠᠭ ᠨᠢ ᠬᠤᠪᠢᠷᠠᠭᠰᠠᠨ ᠢᠶᠡᠷ ᠪᠠᠷᠠᠬᠤ ᠦᠭᠡᠢ ᠬᠢᠴᠢᠶᠠᠯ ᠤᠨ ᠬᠠᠷᠠᠯᠲᠠ ᠳ᠋ᠤ ᠵᠠᠰᠠᠪᠤᠷᠢ ᠤᠷᠤᠭᠤᠯᠪᠠ᠃

    ᠲᠤᠰᠬᠠᠢ ᠮᠡᠷᠭᠡᠵᠢᠯᠲᠡᠳ ᠤᠨ ᠦᠵᠡᠬᠦ ᠪᠡᠷ᠂ ᠬᠡᠦᠬᠡᠳ ᠢ ᠬᠠᠷᠠᠬᠠᠨ ᠪᠠᠭ᠎ᠠ ᠡᠴᠡ ᠨᠢ ᠰᠢᠨᠵᠢᠯᠡᠬᠦ ᠤᠬᠠᠭᠠᠨ ᠤ ᠰᠤᠷᠭᠠᠨ ᠬᠦᠮᠦᠵᠢᠯ ᠬᠦᠷᠲᠡᠭᠡᠵᠦ᠂ ᠨᠡᠩ ᠤᠯᠠᠨ ᠰᠢᠨᠵᠢᠯᠡᠬᠦ ᠤᠬᠠᠭᠠᠨᠲᠠᠳ ᠢ ᠰᠤᠷᠭᠠᠭᠤᠯᠢ ᠶᠢᠨ ᠬᠦᠷᠢᠶᠡᠨ ᠳ᠋ᠤ ᠤᠷᠤᠭᠤᠯᠵᠤ᠂ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠶᠢ ᠭᠡᠷ ᠪᠦᠯᠢ ᠶᠢᠨ ᠬᠦᠮᠦᠵᠢᠯ ᠪᠤᠶᠤ ᠬᠦᠮᠦᠨ ᠤ ᠨᠢᠭᠡ ᠨᠠᠰᠤᠨ ᠤ ᠦᠨᠳᠦᠰᠦᠨ ᠬᠡᠪ ᠴᠢᠨᠠᠷ ᠪᠤᠯᠭᠠᠪᠠᠯ ᠵᠤᠬᠢᠨ᠎ᠡ ᠭᠡᠵᠡᠢ᠃

    ᠰᠢᠨ᠎ᠡ ᠬᠢᠴᠢᠶᠠᠯ ᠤᠨ ᠵᠠᠭᠪᠤᠷ ᠲᠤ ᠰᠢᠨᠵᠢᠯᠡᠬᠦ ᠤᠬᠠᠭᠠᠨ ᠤ ᠬᠢᠴᠢᠶᠠᠯ ᠤᠨ ᠲᠦᠷᠦᠯ ᠢ ᠲᠠᠨᠢᠭᠤᠯᠬᠤ ᠬᠢᠴᠢᠶᠠᠯ ᠪᠠᠶᠢᠭᠰᠠᠨ ᠡᠴᠡ ᠨᠢ ᠰᠠᠭᠤᠷᠢ ᠬᠢᠴᠢᠶᠠᠯ ᠪᠤᠯᠭᠠᠪᠠ᠃ ᠬᠢᠴᠢᠶᠠᠯ ᠤᠨ ᠬᠠᠷᠠᠯᠲᠠ ᠶᠢᠨ ᠬᠤᠪᠢ ᠳ᠋ᠤ ᠰᠢᠨᠵᠢᠯᠡᠬᠦ ᠤᠬᠠᠭᠠᠨ ᠤ ᠮᠡᠲᠡᠯᠭᠡ᠂ ᠰᠢᠨᠵᠢᠯᠡᠬᠦ ᠤᠬᠠᠭᠠᠨ ᠤ ᠰᠦᠪᠡᠭ᠍ᠴᠢᠯᠡᠯᠲᠡ᠂ ᠰᠢᠨᠵᠢᠯᠡᠬᠦ ᠤᠬᠠᠭᠠᠨ ᠤ ᠤᠪᠤᠷ ᠡᠴᠡ ᠭᠠᠲᠠᠨ᠎ᠠ ᠰᠢᠨᠵᠢᠯᠡᠬᠦ ᠤᠬᠠᠭᠠᠨ᠂ ᠲᠸᠭ᠍ᠨᠤᠯᠤᠬᠢ᠂ ᠨᠡᠶᠢᠭᠡᠮ ᠪᠠ ᠤᠷᠴᠢᠨ ᠲᠤᠭᠤᠷᠢᠨ ᠤ ᠠᠭᠤᠯᠭ᠎ᠠ ᠶᠢ ᠨᠡᠮᠡᠵᠦ᠂ ᠰᠤᠷᠤᠭᠴᠢᠳ ᠲᠤ ᠬᠦᠮᠦᠨ ᠲᠦᠷᠦᠯᠬᠢᠲᠡᠨ ᠤ ᠠᠵᠢᠯᠯᠠᠭ᠎ᠠ  ᠶᠢᠨ ᠪᠠᠶᠢᠭᠠᠯᠢ ᠤᠷᠴᠢᠨ ᠪᠠ ᠨᠡᠶᠢᠭᠡᠮ ᠤᠨ ᠬᠤᠪᠢᠷᠠᠯᠲᠠ ᠳ᠋ᠤ ᠦᠵᠬᠦᠯᠬᠦ ᠨᠦᠯᠦᠭᠡ ᠶᠢ ᠤᠶᠢᠯᠠᠭᠠᠭᠤᠯᠤᠨ᠂ ᠰᠢᠨᠵᠢᠯᠡᠬᠦ ᠤᠬᠠᠭᠠᠨ ᠲᠧᠭ᠍ᠨᠤᠯᠤᠬᠢ ᠶᠢᠨ ᠰᠤᠲᠤᠯᠭᠠᠨ ᠳ᠋ᠤ ᠶᠤᠰᠤ ᠰᠤᠷᠲᠠᠬᠤᠨ ᠤ ᠦᠷᠲᠡᠭ ᠤᠨ ᠴᠢᠭᠯᠡᠯ ᠢ ᠠᠩᠬᠠᠷᠤᠭᠤᠯᠬᠤ ᠪᠤᠯᠤᠨ᠎ᠠ᠃ ᠵᠢᠭᠠᠨ ᠰᠤᠷᠭᠠᠯᠲᠠ ᠶᠢᠨ ᠬᠤᠪᠢ ᠳ᠋ᠤ ᠬᠡᠦᠬᠡᠳ ᠤᠨ ᠰᠢᠨ᠎ᠡ ᠶᠢ ᠡᠭᠦᠳᠬᠦ ᠴᠢᠲᠠᠪᠤᠷᠢ᠂ ᠭᠠᠷ ᠬᠦᠲᠡᠯᠵᠦ ᠦᠢᠯᠡᠲᠦᠯᠭᠡ ᠳ᠋ᠤ ᠤᠷᠤᠯᠴᠠᠬᠤ ᠶᠢ ᠬᠦᠮᠦᠵᠢᠬᠦᠯᠬᠦ ᠶᠢ ᠤᠯᠠᠮ ᠠᠩᠬᠠᠷᠪᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121557292