蒙古文网站Logo
ᠰᠢᠨᠬᠤᠸᠠ ᠮᠤᠩᠭ᠋ᠤᠯ ᠨᠧᠲ

ᠦᠬᠠᠢ ᠬᠤᠲᠠ ᠶᠢᠨ ᠠᠩᠬᠠᠨ ᠤ ᠡᠭᠡᠯᠵᠢ ᠶᠢᠨ 91 ᠰᠢᠨ᠎ᠠ ᠤᠶᠤᠲᠠᠨ ᠶᠡᠬᠡ ᠬᠡᠮᠵᠢᠶᠠᠨ ᠤ ᠰᠤᠷᠤᠯᠭ᠎ᠠ  ᠳᠡᠳᠭᠦᠬᠦ ᠮᠦᠩᠭᠦ ᠤᠯᠪᠠ

2017-08-29 11:43

    ᠦᠬᠠᠢ ᠬᠤᠲᠠ ᠶᠢᠨ ᠠᠩᠬᠠᠨ ᠤ ᠡᠭᠡᠯᠵᠢ ᠶᠢᠨ ᠭᠡᠷ ᠪᠦᠯᠢ ᠨᠢ ᠶᠠᠳᠠᠭᠤ ᠬᠦᠴᠢᠷᠳᠡᠯᠲᠠᠢ ᠰᠢᠨ᠎ᠠ ᠤᠶᠤᠲᠠᠳ 8 ᠰᠠᠷ᠎ᠠ ᠶᠢᠨ ᠰᠡᠭᠦᠯᠴᠢ ᠳᠤ ᠶᠡᠬᠡ ᠬᠡᠮᠵᠢᠶᠠᠨ ᠤ ᠰᠤᠷᠤᠯᠭ᠎ᠠ ᠳᠡᠳᠭᠦᠬᠦ ᠮᠦᠩᠭᠦ ᠤᠯᠪᠠ᠃ ᠡᠨᠡᠬᠦ ᠶᠡᠬᠡ ᠬᠡᠮᠵᠢᠶᠡᠨ ᠤ ᠰᠤᠷᠤᠯᠭ᠎ᠠ ᠲᠡᠳᠭᠦᠬᠦ ᠮᠦᠩᠭᠦ ᠶᠢ ᠦᠪᠦᠷ ᠮᠣᠩᠭᠣᠯ ᠡᠴᠡ ᠭᠡᠷ ᠪᠦᠯᠢ ᠨᠢ ᠶᠠᠳᠠᠭᠤ ᠬᠦᠴᠢᠷᠳᠡᠯᠲᠠᠢ ᠰᠢᠨ᠎ᠠ ᠤᠶᠤᠲᠠᠳ ᠤᠨ ᠡᠩ ᠤᠨ ᠶᠡᠬᠡ ᠲᠡᠭᠡᠲᠤ ᠰᠤᠷᠭᠠᠭᠤᠯᠢ ᠳᠤ ᠤᠷᠤᠬᠤ ᠳᠤ ᠤᠯᠭᠤᠬᠰᠠᠨ ᠲᠡᠳᠭᠦᠮᠵᠢ ᠶᠢᠨ ᠮᠦᠩᠭᠦ ᠶᠤᠮ᠃ ᠲᠤᠰ ᠲᠦᠰᠦᠯ ᠤᠨ ᠲᠡᠳᠭᠦᠬᠦ ᠬᠦᠷᠢᠶ᠎ᠠ ᠴᠠᠷᠠᠭ᠎ᠠ ᠳᠤ 2017 ᠤᠨ ᠳᠤ ᠡᠩ ᠤᠨ ᠶᠡᠬᠡ ᠲᠡᠭᠡᠲᠤ ᠰᠤᠷᠭᠠᠭᠤᠯᠢ ᠳᠤ ᠡᠯᠰᠡᠭᠳᠡᠭᠰᠡᠨ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠷᠦᠬᠡ ᠠᠮᠠ ᠲᠠᠢ ᠮᠦᠷᠲᠡᠭᠡᠨ ᠰᠤᠷᠭᠠᠭᠤᠯᠢ ᠳᠤ ᠡᠯᠰᠡᠭᠳᠡᠬᠦ ᠦᠶᠡᠰ ᠬᠤᠲᠠ ᠪᠠᠯᠭᠠᠰᠤᠨ ᠤ ᠲᠤᠤᠷ᠎ᠠ ᠪᠠᠲᠤᠯᠭᠠᠲᠤ ᠡᠷᠦᠬᠡ ᠶᠢᠨ ᠦᠷ᠎ᠠ ᠬᠡᠤᠬᠡᠳ (ᠦᠨᠦᠴᠢᠨ ᠬᠡᠤᠬᠡᠳ ᠢ ᠪᠠᠭᠲᠠᠭᠠᠨ᠎ᠠ) ᠪᠤᠶᠤ ᠳᠠᠩᠰᠠ ᠪᠦᠷᠢᠳᠭᠡᠭᠦᠯᠵᠤ ᠺᠠᠷᠲ ᠪᠠᠶᠢᠭᠤᠯᠤᠭᠰᠠᠨ ᠦᠷ᠎ᠠ ᠬᠡᠤᠬᠡᠳ ᠢ ᠪᠠᠭᠲᠠᠭᠠᠨ᠎ᠠ᠃ ᠳᠡᠳᠭᠦᠬᠦ ᠪᠠᠷᠢᠮᠵᠢᠶ᠎ᠠ ᠨᠢ ᠡᠩ ᠤᠨ ᠶᠡᠬᠡ ᠲᠡᠭᠡᠲᠤ ᠰᠤᠷᠭᠠᠭᠤᠯᠢ ᠶᠢᠨ ᠦᠨᠳᠦᠰᠦᠨ ᠠᠩᠭᠢ ᠳᠤ ᠡᠯᠰᠡᠭᠳᠡᠭᠰᠡᠨ ᠰᠢᠨ᠎ᠠ ᠤᠶᠤᠲᠠᠨ ᠳᠤ ᠨᠢᠭᠡ ᠯᠡ ᠳᠤᠤᠷ᠎ᠠ 40000 ᠲᠦᠬᠦᠷᠢᠭ᠌ ᠲᠡᠳᠭᠦᠵᠤ᠂ ᠡᠩ ᠤᠨ ᠶᠡᠬᠡ ᠲᠡᠭᠡᠲᠤ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠩᠭᠢ ᠳᠤ ᠡᠯᠰᠡᠭᠳᠡᠭᠰᠡᠨ ᠪᠤᠶᠤ ᠲᠡᠭᠡᠲᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠲᠡᠭᠡᠲᠤ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠡᠯᠰᠡᠭᠳᠡᠭᠰᠡᠨ ᠰᠢᠨ᠎ᠠ ᠤᠶᠤᠲᠠᠳ ᠲᠤ ᠨᠢᠭᠡ ᠯᠡ ᠳᠤᠤᠷ᠎ᠠ 30000 ᠲᠦᠬᠦᠷᠢᠭ᠌ ᠲᠡᠳᠭᠦᠨ᠎ᠠ᠃

    91ᠰᠢᠨ᠎ᠠ ᠤᠶᠤᠲᠠᠨ ᠠᠩᠬᠠᠨ ᠤ ᠡᠭᠡᠯᠵᠢ ᠶᠢᠨ ᠰᠤᠷᠤᠯᠭ᠎ᠠ  ᠲᠡᠳᠭᠦᠬᠦ ᠮᠦᠩᠭᠦ ᠶᠢ ᠬᠦᠷᠲᠡᠵᠠᠢ᠂ ᠡᠭᠦᠨ ᠳᠤ 56 ᠦᠨᠳᠦᠰᠦᠨ ᠠᠩᠭᠢ ᠶᠢᠨ ᠰᠤᠷᠤᠭᠴᠢ ᠪᠠ 35 ᠲᠤᠰᠬᠠᠢ ᠮᠡᠷᠭᠡᠵᠢᠯ ᠤᠨ ᠰᠤᠷᠤᠭᠴᠢ ᠪᠠᠭᠲᠠᠪᠠ᠃ ᠤᠶᠢᠯᠠᠭᠠᠭᠰᠠᠨ ᠢᠶᠡᠷ᠂ ᠬᠤᠶᠠᠳᠤᠭᠠᠷ ᠡᠭᠡᠯᠵᠢ ᠶᠢᠨ ᠰᠢᠨ᠎ᠠ ᠤᠶᠤᠲᠠᠳ ᠤᠨ ᠰᠤᠷᠤᠯᠭ᠎ᠠ ᠲᠡᠳᠭᠦᠬᠦ ᠮᠦᠩᠭᠦ ᠶᠢ 9 ᠰᠠᠷ᠎ᠠ ᠶᠢᠨ ᠰᠡᠭᠦᠯᠴᠢ ᠪᠡᠷ ᠪᠠᠭᠤᠯᠭᠠᠬᠤ ᠶᠤᠮ ᠪᠠᠶᠢᠨ᠎ᠠ᠃

    ᠪᠠᠷᠢᠮᠵᠢᠶᠠᠨ ᠳᠤ ᠨᠡᠶᠢᠴᠡᠬᠦ ᠰᠤᠷᠤᠭᠴᠢᠳ 9 ᠰᠠᠷ᠎ᠠ ᠶᠢᠨ ᠡᠬᠢᠨ ᠡᠴᠡ ᠡᠮᠦᠨ᠎ᠠ ᠡᠷᠦᠬᠡ ᠠᠮᠠ ᠶᠢᠨ ᠢᠶᠡᠨ ᠪᠠᠶᠢᠭ᠎ᠠ ᠭᠠᠵᠠᠷ ᠤᠨ ᠰᠤᠷᠤᠭᠴᠢ ᠶᠢ ᠳᠡᠳᠭᠦᠬᠦ ᠬᠠᠮᠢᠶᠠᠷᠤᠯᠲᠠ ᠶᠢᠨ ᠲᠦᠪ ᠲᠤ ᠬᠦᠷᠴᠤ ᠭᠤᠶᠤᠴᠢᠯᠠᠨ᠎ᠠ᠃ ᠭᠤᠶᠤᠴᠢᠯᠠᠬᠤ  ᠳᠤ ᠪᠠᠨ ᠳᠤᠤᠷ᠎ᠠ ᠪᠠᠲᠤᠯᠭᠠᠲᠤ ᠡᠷᠦᠬᠡ ᠶᠢᠨ ᠦᠨᠡᠮᠯᠡᠯ᠂ ᠰᠤᠷᠭᠠᠭᠤᠯᠢ ᠳᠤ ᠡᠯᠰᠡᠭᠳᠡᠭᠰᠡᠨ ᠮᠡᠳᠡᠭᠳᠡᠯ᠂ ᠰᠢᠯᠭᠠᠭᠤᠯᠤᠭᠴᠢ ᠶᠢᠨ ᠭᠡᠷᠡᠴᠢ᠂ ᠡᠷᠦᠬᠡ ᠠᠮᠠ ᠶᠢᠨ ᠲᠡᠪᠲᠡᠷ᠂ ᠪᠡᠶ᠎ᠠ ᠶᠢᠨ ᠦᠨᠡᠮᠯᠡᠯ ᠢᠶᠡᠨ ᠠᠪᠴᠤ ᠤᠴᠢᠬᠤ ᠬᠡᠷᠡᠭᠲᠠᠢ᠃

ᠢᠷᠡᠯᠳᠡ᠄ ᠦᠪᠦᠷ ᠮᠣᠩᠭᠣᠯ ᠤᠨ ᠵᠠᠰᠠᠭ ᠤᠨ ᠤᠷᠳᠤᠨ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121562290