蒙古文网站Logo
ᠰᠢᠨᠬᠤᠸᠠ ᠮᠤᠩᠭ᠋ᠤᠯ ᠨᠧᠲ

ᠰᠢᠨ᠎ᠡ ᠤᠶᠤᠲᠠᠳ ᠬᠠᠭᠤᠷᠲᠠᠭᠲᠠᠨ ᠮᠡᠬᠡᠯᠡᠭᠲᠡᠵᠦ ᠪᠠᠶᠢᠬᠤ ᠨᠢ ᠬᠡᠨ ᠤ ᠤᠴᠢᠷ ᠪᠤᠯ ?

2017-08-30 17:16

    8 ᠰᠠᠷ᠎ᠠ ᠡᠴᠡ ᠨᠠᠰᠢ᠂ ᠰᠢᠨ᠎ᠡ ᠤᠶᠤᠲᠠᠳ  ᠰᠤᠷᠭᠠᠭᠤᠯᠢ ᠳ᠋ᠤ ᠡᠯᠰᠡᠭᠲᠡᠭᠰᠡᠨ ᠮᠡᠲᠡᠭᠲᠡᠯ  ᠢᠶᠡᠨ ᠭᠠᠷᠲᠠᠭᠰᠠᠨ ᠡᠴᠡ ᠡᠬᠢᠯᠡᠨ ᠶᠡᠬᠡ ᠰᠤᠷᠭᠠᠭᠤᠯᠢ ᠶᠢᠨ ᠠᠮᠢᠲᠤᠷᠠᠯ ᠰᠤᠷᠤᠯᠭ᠎ᠠ ᠶᠢᠨ  ᠶᠢᠡᠨ ᠲᠤᠬᠠᠢ ᠨᠤᠮ ᠤᠨ ᠬᠠᠨᠢᠲᠠᠨ᠂ ᠨᠤᠮ ᠤᠨ ᠠᠬ᠎ᠠ ᠡᠭᠡᠴᠢ ᠡᠴᠡ ᠪᠡᠨ ᠠᠰᠠᠭᠤᠵᠤ ᠯᠠᠪᠯᠠᠬᠤ  ᠦᠵᠡᠭᠲᠡᠯ ᠤᠯᠠᠰᠢᠷᠠᠯ᠎ᠠ᠃ ᠰᠡᠬᠦᠯ ᠤᠨ ᠦᠶ᠎ᠠ ᠳ᠋ᠤ ᠰᠤᠷᠪᠤᠯᠵᠢᠯᠠᠭᠴᠢ ᠶᠢᠨ ᠪᠠᠶᠢᠴᠠᠭᠠᠭᠰᠠᠨ ᠢᠶᠡᠷ᠂ QQ ᠵᠡᠷᠭᠡ ᠬᠠᠷᠢᠯᠴᠠᠭᠠᠨ ᠤ ᠬᠡᠷᠡᠭᠰᠡᠯ ᠳ᠋ᠤ ᠪᠡᠭᠡᠵᠢᠩ᠂ ᠬᠠᠷᠠᠮᠦ᠋ᠷᠡᠨ᠂ ᠭᠢᠷᠢᠨ ᠵᠡᠷᠭᠡ ᠭᠠᠵᠠᠷ ᠤᠷᠤᠨ  ᠶᠢᠡᠷ ᠬᠤᠲᠠᠯ ᠬᠠᠭᠤᠷᠮᠠᠭ 《 ᠰᠢᠨ᠎ᠡ ᠤᠶᠤᠲᠠᠳ ᠤᠨ ᠶᠠᠷᠢᠯᠴᠠᠭᠠᠨ ᠤ ᠲᠠᠪᠴᠠᠩ》 ᠤᠯᠠᠨ ᠭᠠᠷᠪᠠ᠃ ᠵᠠᠷᠢᠮ ᠶᠠᠷᠢᠯᠴᠠᠭᠠᠨ ᠤ ᠲᠠᠪᠴᠠᠩ ᠰᠢᠨ᠎ᠡ ᠤᠶᠤᠲᠠᠳ ᠡᠴᠡ ᠲᠠᠪᠴᠠᠩ ᠳ᠋ᠤ ᠪᠦᠷᠢᠳᠭᠡᠬᠦᠯᠬᠦ ᠮᠦᠩᠬᠦ ᠬᠤᠷᠢᠶᠠᠵᠤ᠂ ᠵᠠᠷᠢᠮ ᠨᠢ ᠨᠡᠩ ᠤᠯᠠᠨ ᠰᠢᠨ᠎ᠡ ᠤᠶᠤᠲᠠᠳ ᠤᠨ ᠠᠩᠬᠠᠡᠷᠤᠯ ᠢ ᠲᠠᠲᠠᠬᠤ ᠪᠡᠷ ᠶᠠᠷᠢᠯᠴᠠᠭᠠᠨ ᠤ ᠲᠠᠪᠴᠠᠩ ᠤᠨ ᠶᠢᠡᠨ ᠨᠡᠷ᠎ᠡ ᠶᠢ ᠰᠤᠯᠢᠬᠤ᠂ ᠶᠠᠷᠢᠯᠴᠠᠭᠠᠨ ᠤ ᠲᠠᠪᠴᠠᠩ ᠳ᠋ᠤ ᠵᠠᠷ ᠰᠤᠷᠲᠠᠯᠴᠢᠯᠠᠬᠤ ᠪᠡᠷ ᠴᠠᠯᠢᠩ ᠬᠦᠯᠦᠰ ᠤᠯᠭᠤᠬᠤ᠂ ᠨᠤᠮ ᠤᠨ ᠬᠠᠨᠢᠲᠠᠳ ᠤᠨ ᠨᠡᠷ᠎ᠡ ᠪᠡᠷ ᠬᠠᠭᠤᠷᠮᠠᠭᠯᠠᠵᠤ ᠮᠦᠩᠬᠦ ᠲᠦᠭᠦᠷᠢᠭ᠌ ᠬᠢᠬᠠᠵᠤ ᠠᠪᠬᠤ ᠦᠵᠡᠭᠲᠡᠯ ᠴᠤ ᠢᠯᠡᠷᠡᠪᠡ᠃

    ᠰᠢᠬᠦᠮᠵᠢ᠄ ᠶᠠᠭᠠᠬᠢᠭᠠᠳ ᠡᠶᠢᠮᠦᠷᠬᠦᠦ ᠦᠵᠡᠭᠲᠡᠯ ᠢᠯᠡᠷᠡᠪᠡ? ᠰᠤᠷᠤᠭᠴᠢᠳ ᠤᠨ ᠪᠠᠶ᠎ᠠ ᠪᠠᠨ ᠬᠠᠮᠠᠭᠠᠯᠠᠬᠤ ᠤᠬᠠᠮᠰᠠᠷ ᠲᠤᠤᠷ᠎ᠠ᠂ QQ ᠵᠡᠷᠭᠡ ᠬᠠᠷᠢᠯᠴᠠᠭᠠᠨ ᠤ ᠬᠡᠷᠡᠭᠰᠡᠯ ᠤᠨ ᠬᠢᠨ ᠤ ᠬᠤᠲᠠᠯ ᠬᠠᠭᠤᠷᠮᠠᠭ ᠮᠡᠬᠡᠯᠡᠬᠦ ᠠᠵᠢᠯᠯᠠᠭᠠᠨ ᠳ᠋ᠡᠬᠢ ᠬᠢᠨᠠᠯᠲᠠ ᠴᠢᠩᠭ᠋᠎ᠠ ᠪᠢᠰᠢ᠂ ᠶᠡᠬᠡ ᠲᠡᠭᠡᠳᠦ ᠰᠤᠷᠭᠠᠭᠤᠯᠢ ᠶᠢᠨ ᠰᠢᠨ᠎ᠡ ᠤᠶᠤᠲᠠᠳ ᠤᠨ ᠦᠢᠯᠡᠴᠢᠯᠡᠭᠡ ᠲᠤᠲᠠᠮᠠᠭ ᠪᠠᠶᠢᠬᠤ ᠵᠡᠷᠭᠡ ᠤᠯᠠᠨ ᠲᠠᠯ᠎ᠠ ᠶᠢᠨ ᠠᠰᠠᠭᠤᠲᠠᠯ ᠤᠷᠤᠰᠢᠵᠤ ᠪᠠᠶᠢᠲᠠᠭ᠃ ᠡᠶᠢᠮᠦ ᠡᠴᠡ ᠢᠨᠲ᠋ᠧᠷᠨᠧᠲ ᠲᠠᠪᠴᠠᠩ ᠤᠨ ᠬᠢᠨᠠᠨ ᠬᠠᠮᠢᠶᠠᠷᠤᠯᠲᠠ ᠪᠠᠨ ᠴᠢᠩᠭ᠋ᠠᠳᠬᠠᠨ᠂ ᠰᠤᠷᠤᠭᠴᠢᠳ ᠤᠨ ᠦᠪᠡᠷ ᠢ ᠪᠠᠨ ᠬᠠᠮᠠᠭᠠᠯᠠᠬᠤ ᠤᠬᠠᠮᠰᠠᠷ ᠢ  ᠲᠡᠭᠡᠭ᠍ᠰᠢᠯᠡᠬᠦᠯᠬᠦ ᠶᠢᠨ ᠬᠠᠮᠲᠤ ᠬᠠᠮᠢᠶ᠎ᠠ ᠲᠠᠢ ᠶᠡᠬᠡ ᠲᠡᠭᠡᠳᠦ ᠰᠤᠷᠭᠠᠭᠤᠯᠢ ᠲᠠᠷᠤᠢ ᠲᠦᠷᠭᠡᠨ ᠠᠷᠭ᠎ᠠ ᠬᠡᠮᠵᠢᠶ᠎ᠠ ᠠᠪᠴᠤ ᠡᠶᠢᠮᠦᠷᠬᠦ ᠦᠵᠡᠭᠲᠡᠯ ᠲᠠᠬᠢᠨ ᠭᠠᠷᠬᠤ ᠡᠴᠡ ᠰᠡᠷᠭᠡᠶᠢᠯᠡᠪᠡᠯ ᠵᠤᠬᠢᠨ᠎ᠠ᠃

    

ᠢᠷᠡᠯᠳᠡ᠄ ᠰᠢᠨᠬᠤᠧᠠ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121572299