蒙古文网站Logo
ᠰᠢᠨᠬᠤᠸᠠ ᠮᠤᠩᠭ᠋ᠤᠯ ᠨᠧᠲ

ᠦᠪᠦᠷ ᠮᠣᠩᠭᠣᠯ ᠵᠢᠭᠠᠨ ᠰᠤᠷᠭᠠᠯᠲᠠ ᠶᠢᠨ ᠰᠢᠰᠲ᠋ᠸᠮ ᠤᠨ 550 ᠰᠢᠯᠢᠳᠡᠭ ᠬᠤᠪᠢ ᠬᠦᠮᠦᠨ ᠢ ᠬᠦᠬᠢᠭᠦᠯᠪᠡ

2017-09-07 16:58

    ᠰᠢᠨᠬᠤᠸᠠ ᠨᠸᠲ   ᠬᠦᠬᠡᠬᠤᠲᠠ ᠶᠢᠨ 9 ᠰᠠᠷ᠎ᠠ ᠶᠢᠨ 7 ᠤ ᠡᠳᠦᠷ ᠤᠨ ᠴᠠᠬᠢᠯᠭᠠᠨ ᠮᠡᠳᠡᠭᠡ ( ᠽᠤᠤ ᠵᠸᠨ) ᠤᠯᠤᠰ ᠳᠠᠶᠠᠭᠠᠷ ᠤᠨ 33 ᠳ᠋ᠤᠭᠠᠷ ᠪᠠᠭᠰᠢ ᠶᠢᠨ ᠪᠠᠶᠠᠷ ᠬᠦᠷᠴᠤ ᠢᠷᠡᠬᠦ ᠲᠠᠰᠢᠷᠠᠮ ᠢᠶᠡᠷ᠂ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ 9 ᠰᠠᠷ᠎ᠠ ᠶᠢᠨ 7  ᠡᠳᠦᠷ 2017 ᠤᠨ ᠤ ᠪᠠᠭᠰᠢ ᠶᠢᠨ ᠪᠠᠶᠠᠷ ᠢ ᠪᠡᠯᠭᠡᠯᠡᠬᠦ ᠵᠢᠴᠢ ᠱᠠᠡᠭᠨᠠᠨ ᠬᠦᠭᠢᠭᠦᠯᠬᠦ ᠬᠤᠷᠠᠯ ᠬᠤᠷᠠᠯᠳᠤᠭᠤᠯᠪᠠ᠂ ᠤᠷᠤᠨ ᠳᠠᠶᠠᠭᠠᠷ ᠤᠨ ᠵᠢᠭᠠᠨ ᠰᠤᠷᠭᠠᠯᠲᠠ ᠶᠢᠨ ᠰᠢᠰᠲ᠋ᠸᠮ ᠤᠨ 550 ᠰᠢᠯᠢᠳᠡᠭ ᠬᠤᠪᠢ ᠬᠦᠮᠦᠨ ᠬᠦᠬᠢᠭᠦᠯᠦᠭᠳᠡᠪᠡ᠃

    ᠬᠦᠭᠢᠭᠦᠯᠦᠯ ᠤᠨ ᠬᠤᠷᠠᠯ ᠢᠶᠡᠷ᠂ ᠴᠸᠨ ᠫᠢᠩ ᠵᠡᠷᠭᠡ 290 ᠨᠦᠬᠦᠷ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠯᠢᠳᠡᠭ ᠪᠠᠭᠰᠢ》᠂ ᠸᠠᠩ ᠶᠦᠩ ᠴᠦᠨ ᠵᠡᠷᠭᠡ 30 ᠨᠦᠬᠦᠷ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠯᠢᠳᠡᠭ ᠵᠢᠭᠠᠨ ᠰᠤᠷᠭᠠᠯᠲᠠ ᠶᠢᠨ ᠠᠵᠢᠯᠲᠠᠳ》᠂ ᠸᠠᠩ ᠸᠸᠨ ᠮᠸᠢ ᠵᠡᠷᠭᠡ 50 ᠨᠦᠬᠦᠷ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠰᠢᠯᠢᠳᠡᠭ ᠮᠤᠷᠠᠯ ᠤᠨ ᠬᠦᠮᠦᠵᠢᠯ ᠤᠨ ᠠᠵᠢᠯᠲᠠᠨ》᠂ ᠵᠢᠶᠠᠩ ᠱᠦ ᠯᠠᠨ ᠵᠡᠷᠭᠡ 30 ᠨᠦᠬᠦᠷ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠶᠡᠬᠡ ᠲᠡᠭᠡᠲᠤ ᠰᠤᠷᠭᠠᠭᠤᠯᠢ ᠶᠢᠨ ᠰᠢᠯᠢᠳᠡᠭ ᠦᠵᠡᠯ ᠰᠠᠨᠠᠭ᠎ᠠ ᠤᠯᠤᠰ ᠲᠦᠷᠦ ᠶᠢᠨ ᠤᠨᠤᠯ ᠤᠨ ᠬᠢᠴᠢᠶᠡᠯ ᠤᠨ ᠪᠠᠭᠰᠢ》᠂ ᠰᠦᠨ ᠬᠤᠩ ᠶᠠᠨ ᠵᠡᠷᠭᠡ 120 ᠨᠦᠬᠦᠷ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠯᠢᠳᠡᠭ ᠠᠩᠭᠢ ᠶᠢᠨ ᠡᠷᠬᠢᠯᠡᠭᠴᠢ》᠂ ᠡᠦ ᠴᠸᠨ ᠵᠤᠤ ᠵᠡᠷᠭᠡ 50 ᠨᠦᠬᠦᠷ《ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠢᠯᠢᠳᠡᠭ ᠮᠤᠷᠠᠯ ᠤᠨ ᠬᠦᠮᠦᠵᠢᠯ ᠤᠨ ᠪᠠᠭᠰᠢ》 ᠪᠡᠷ ᠬᠦᠬᠢᠭᠦᠯᠦᠭᠳᠡᠵᠠᠢ᠃

    ᠬᠦᠬᠢᠭᠦᠯᠦᠯ ᠬᠦᠷᠲᠡᠭᠰᠨ ᠬᠤᠪᠢ ᠬᠦᠮᠦᠨ ᠨᠢ ᠭᠤᠤᠯᠳᠠᠭᠤ ᠦᠪᠦᠷ ᠮᠣᠩᠭᠣᠯ ᠤᠨ ᠦᠪᠡᠷᠲᠡᠭᠡᠨ ᠵᠠᠰᠠᠬᠤ ᠤᠷᠤᠨ ᠤ ᠡᠯ᠎ᠠ ᠵᠡᠷᠭᠡᠯᠡᠯ ᠡᠯ᠎ᠠ ᠲᠦᠷᠦᠯ ᠤᠨ ᠰᠤᠷᠭᠠᠭᠤᠯᠢ ᠵᠢᠴᠢ ᠪᠤᠰᠤᠳ ᠵᠢᠭᠠᠨ ᠰᠤᠷᠭᠠᠯᠲᠠ ᠶᠢᠨ ᠪᠠᠶᠢᠭᠤᠯᠤᠮᠵᠢ ᠡᠴᠡ ᠢᠷᠡᠭᠰᠡᠨ ᠵᠢᠭᠠᠨ ᠰᠤᠷᠭᠠᠯᠲᠠ ᠶᠢᠨ ᠠᠵᠢᠯ᠂ ᠰᠤᠳᠤᠯᠭᠠᠨ ᠤ ᠠᠵᠢᠯ᠂ ᠬᠠᠮᠢᠶᠠᠷᠤᠯᠲᠠ ᠦᠢᠯᠡᠴᠢᠯᠡᠭᠡᠨ ᠤ ᠠᠵᠢᠯ ᠳᠤ 3 ᠵᠢᠯ ᠡᠴᠡ ᠳᠡᠭᠡᠭ᠍ᠰᠢ ᠠᠵᠢᠯᠯᠠᠭᠰᠨ ᠪᠠ 2012 ᠤᠨ ᠡᠴᠡ ᠨᠠᠰᠢ ᠠᠵᠢᠯ ᠳᠤ ᠪᠡᠨ ᠲᠤᠪᠤᠶᠢᠮ᠎ᠠ ᠠᠮᠵᠢᠯᠲᠠ ᠤᠯᠤᠭᠰᠠᠨ ᠬᠦᠮᠦᠰ ᠪᠠᠶᠢᠯ᠎ᠠ᠃

ᠢᠷᠡᠯᠳᠡ᠄ ᠰᠢᠨᠬᠤᠸᠠ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011100001121624764