蒙古文网站Logo
ᠰᠢᠨᠬᠤᠸᠠ ᠮᠤᠩᠭ᠋ᠤᠯ ᠨᠧᠲ

ᠮᠠᠨ ᠤ ᠤᠯᠤᠰ ᠤᠨ 6 ᠶᠡᠬᠡ ᠲᠡᠭᠡᠳᠦ ᠰᠤᠷᠭᠠᠭᠤᠯᠢ QS ᠪᠦᠬᠦ ᠲᠡᠯᠡᠬᠡᠢ ᠶᠢᠨ ᠲᠡᠭᠦᠰᠦᠭᠰᠡᠨ ᠤᠶᠤᠲᠠᠳ ᠤᠨ ᠠᠵᠢᠯ ᠤᠨ ᠪᠠᠶᠢᠷᠢᠨ  ᠳᠤ ᠭᠠᠷᠬᠤ ᠦᠷᠢᠰᠦᠯᠲᠦᠭᠡᠨ ᠤ ᠬᠦᠴᠦᠨ ᠳ᠋ᠤ ᠰᠤᠩᠭ᠋ᠤᠭᠲᠠᠯ᠎ᠠ

2017-09-13 16:31

    ᠰᠢᠨᠬᠤᠧᠠ ᠬᠤᠷᠢᠶ᠎ᠠ   ᠯᠤᠨᠲᠤᠨ ᠤ 9 ᠰᠠᠷ᠎ᠠ ᠶᠢᠨ 12 ᠤᠨ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠵᠠᠩ ᠵᠢᠶᠠ ᠸᠸᠢ ) 12 ᠤᠨ ᠡᠲᠦᠷ ᠠᠩᠭ᠍ᠯᠢ ᠶᠢᠨ ᠪᠦᠬᠦ ᠲᠡᠯᠡᠬᠡᠢ ᠶᠢᠨ ᠰᠤᠷᠭᠠᠨ ᠬᠦᠮᠦᠵᠢᠯ ᠤᠨ ᠪᠦᠯᠦᠭᠯᠡᠯ ᠡᠴᠡ ᠨᠡᠶᠢᠲᠡᠯᠡᠭᠰᠡᠨ 《QS ᠪᠦᠬᠦ ᠲᠡᠯᠡᠬᠡᠢ ᠶᠢᠨ ᠲᠡᠭᠦᠰᠦᠭᠰᠡᠨ ᠤᠶᠤᠲᠠᠳ ᠤᠨ ᠠᠵᠢᠯ ᠤᠨ ᠪᠠᠶᠢᠷᠢᠨ  ᠳᠤ ᠭᠠᠷᠬᠤ ᠦᠷᠢᠰᠦᠯᠲᠦᠭᠡᠨ ᠤ ᠵᠢᠬᠰᠠᠭᠠᠯᠲᠠ》 ᠳ᠋ᠤ ᠮᠠᠨ ᠤ ᠤᠯᠤᠰ ᠤᠨ ᠴᠢᠩᠬᠤᠧᠠ ᠶᠡᠬᠡ ᠰᠤᠷᠭᠠᠭᠤᠯᠢ᠂ ᠰᠢᠶᠠᠩᠭ᠋ᠠᠩ ᠶᠡᠬᠡ ᠰᠤᠷᠭᠠᠭᠤᠯᠢ᠂ ᠪᠡᠭᠡᠵᠢᠩ ᠶᠡᠬᠡ ᠰᠤᠷᠭᠠᠭᠤᠯᠢ᠂ ᠹᠦᠳᠠᠨ ᠶᠡᠬᠡ ᠰᠤᠷᠭᠠᠭᠤᠯᠢ᠂ ᠵᠧᠵᠢᠶᠠᠩ ᠶᠡᠬᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠬᠡ ᠰᠤᠷᠭᠠᠭᠤᠯᠢ ᠵᠡᠷᠭᠡ 6 ᠶᠡᠬᠡ ᠲᠡᠭᠡᠳᠦ ᠰᠤᠷᠭᠠᠭᠤᠯᠢ ᠲᠦᠷᠦᠭᠦᠦ 50 ᠳ᠋ᠤ ᠵᠢᠬᠰᠠᠭᠠᠭᠲᠠᠪᠠ᠃

    ᠬᠠᠮᠤᠭ ᠤᠨ ᠰᠢᠨ᠎ᠡ ᠨᠡᠶᠢᠲᠡᠯᠡᠭᠰᠡᠨ ᠵᠢᠬᠰᠠᠭᠠᠯᠲᠠ ᠳ᠋ᠤ ᠰᠲ᠋ᠠᠨᠹᠦᠷᠲ ᠶᠡᠬᠡ ᠰᠤᠷᠭᠠᠭᠤᠯᠢ᠂ ᠰᠢᠳ᠋ᠨᠢ ᠶᠡᠬᠡ ᠰᠤᠷᠭᠠᠭᠤᠯᠢ᠂ ᠮᠠᠨᠴᠦᠰᠰᠦᠷᠢ ᠪᠠᠶᠢᠭᠠᠯᠢ ᠠᠵᠤ ᠦᠢᠯᠡᠳᠪᠦᠷᠢ ᠶᠢᠨ ᠲᠡᠭᠡᠳᠦ ᠰᠤᠷᠭᠠᠭᠤᠯᠢ᠂ ᠺᠠᠮᠪᠷᠢᠵᠢ ᠶᠡᠬᠡ ᠰᠤᠷᠭᠠᠭᠤᠯᠢ᠂ ᠮᠧᠯᠪᠧᠨ ᠶᠡᠬᠡ ᠰᠤᠷᠭᠠᠭᠤᠯᠢ᠂ ᠤᠺᠰᠹᠤᠷᠲ ᠶᠡᠬᠡ ᠰᠤᠷᠭᠠᠭᠤᠯᠢ᠂ ᠺᠠᠯᠢᠹᠤᠷᠨᠢᠶ᠎ᠠ ᠶᠡᠬᠡ ᠰᠤᠷᠭᠠᠭᠤᠯᠢ ᠪᠠ ᠴᠢᠩᠬᠤᠸᠠ ᠶᠡᠬᠡ ᠰᠤᠷᠭᠠᠭᠤᠯᠢ ᠡᠮᠦᠨ᠎ᠡ ᠠᠷᠪᠠ ᠳ᠋ᠤ ᠵᠢᠬᠰᠠᠭᠠᠭᠲᠠᠪᠠ᠃

    QS ᠪᠦᠬᠦ ᠲᠡᠯᠡᠬᠡᠢ ᠶᠢᠨ ᠰᠤᠷᠭᠠᠨ ᠬᠦᠮᠦᠵᠢᠯ ᠤᠨ ᠪᠦᠯᠦᠭᠯᠡᠯ ᠨᠢ 1990 ᠤᠨ ᠳᠤ ᠪᠠᠶᠢᠭᠤᠯᠤᠭᠲᠠᠵᠤ᠂ ᠵᠢᠯ ᠪᠦᠷᠢ ᠲᠤᠭᠲᠠᠭᠰᠠᠨ ᠬᠤᠭᠤᠴᠠᠭᠠᠨ ᠳ᠋ᠤ 《QS ᠲᠡᠯᠡᠬᠡᠢ ᠶᠢᠨ ᠶᠡᠬᠡ ᠰᠤᠷᠭᠠᠭᠤᠯᠢ ᠶᠢᠨ ᠵᠢᠬᠰᠠᠭᠠᠯᠲᠠ》 ᠵᠡᠷᠭᠡ ᠶᠡᠬᠡ ᠲᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠠᠮᠢᠶᠠᠲᠠᠢ ᠵᠢᠬᠰᠠᠭᠠᠯᠲᠠ ᠶᠢ ᠨᠡᠶᠢᠲᠡᠯᠡᠲᠡᠭ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
  • ᠤᠷᠳᠤᠰ ᠬᠤᠳᠠ ᠶᠢᠨ ᠬᠤᠶᠡᠳᠡᠬᠢ ᠤᠳᠠᠭᠠᠨ ᠤ《ᠪᠢᠯᠢᠭ᠌ ᠤᠨ ᠰᠠᠩ ᠨᠤᠮ ᠲᠠᠢ ᠮᠣᠩᠭᠣᠯ》ᠴᠤᠪᠤᠷᠠᠯ ᠠᠵᠢᠯᠯᠠᠭ᠎ᠠ ᠪᠤᠯᠵᠤ ᠦᠩᠬᠡᠷᠡᠯ᠎ᠡ
关闭
010070230030000000000000011120791121657996