蒙古文网站Logo
ᠰᠢᠨᠬᠤᠸᠠ ᠮᠤᠩᠭ᠋ᠤᠯ ᠨᠧᠲ

ᠡᠨᠡ ᠵᠢᠯ ᠤᠨ ᠠᠰᠫᠢᠷᠠᠨᠲ ᠡᠯᠰᠡᠬᠦ ᠰᠢᠯᠭᠠᠯᠳᠠ ᠶᠢᠨ ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠲᠠ ᠮᠡᠳᠡᠨ᠎ᠡ ᠤᠤ

2017-09-26 18:01

    ᠰᠤᠷᠭᠠᠨ ᠬᠦᠮᠦᠵᠢᠯ ᠤᠨ ᠶᠠᠮᠤᠨ ᠤ《2018 ᠤᠨ ᠤ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠳᠠ ᠶᠢᠨ ᠠᠵᠢᠯ ᠤᠨ ᠬᠠᠮᠢᠶᠠᠷᠤᠯᠳᠠ ᠶᠢᠨ ᠲᠤᠭᠳᠠᠭᠠᠯ》 ᠢ ᠨᠢᠭᠡᠨᠳᠡ ᠨᠡᠶᠢᠳᠡᠯᠡᠭᠰᠡᠨ ᠪᠠᠶᠢᠨ᠎ᠠ᠃ ᠡᠭᠦᠨ ᠳᠤ 2018 ᠤᠨ ᠤ ᠠᠰᠫᠢᠷᠠᠨᠲ ᠡᠯᠰᠡᠬᠦ ᠰᠢᠯᠭᠠᠯᠳᠠ ᠶᠢᠨ ᠠᠩᠬᠠᠨ ᠤ ᠰᠢᠯᠭᠠᠯᠳᠠ ᠶᠢᠨ ᠶᠡᠷᠦᠩᠭᠡᠢ ᠬᠤᠪᠢ ᠳᠡᠭᠡᠷ᠎ᠠ ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠲᠤᠳᠤᠷᠬᠠᠢᠢᠯᠠᠵᠠᠢ᠃

    ᠨᠢᠬᠡ᠂ 《ᠶᠡᠭᠡ ᠰᠤᠷᠭᠠᠭᠤᠯᠢ ᠶᠢᠨ ᠤᠶᠤᠲᠠᠨ ᠤ ᠰᠠᠶᠢᠨ ᠲᠤᠷ᠎ᠠ ᠶᠢᠨ ᠦᠢᠯᠡᠴᠢᠯᠡᠭᠡ ᠶᠢᠨ ᠪᠠᠷᠠᠭᠤᠨ ᠤᠷᠤᠨ ᠤ ᠲᠦᠯᠦᠪᠯᠡᠭᠡ》᠂ 《ᠭᠤᠷᠪᠠ ᠶᠢ ᠲᠡᠮᠵᠢᠵᠤ ᠨᠢᠭᠡ ᠶᠢ ᠲᠤᠰᠠᠯᠠᠬᠤ ᠲᠦᠯᠦᠪᠯᠡᠭᠡ》᠂ 《ᠬᠦᠳᠡᠭᠡ ᠲᠤᠰᠬᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠪᠠᠭᠰᠢ ᠶᠢᠨ ᠤᠨᠴᠠᠭᠠᠢ ᠠᠵᠢᠯ ᠤᠨ ᠪᠠᠶᠢᠷᠢ ᠶᠢᠨ ᠲᠦᠯᠦᠪᠯᠡᠭᠡ》᠂ 《ᠭᠠᠳᠠᠭᠠᠳᠦ ᠳᠤ ᠭᠠᠷᠴᠤ ᠬᠢᠳᠡᠳ ᠬᠡᠯᠡᠨ ᠤ ᠪᠠᠭᠰᠢ ᠪᠤᠯᠤᠭᠰᠠᠨ ᠰᠠᠶᠢᠨ ᠲᠤᠷᠠᠴᠤᠤᠯ》 ᠵᠡᠷᠭᠡ ᠲᠦᠷᠦᠯ ᠵᠦᠢᠯ ᠤᠨ ᠦᠢᠯᠡᠴᠢᠯᠡᠬᠦ ᠬᠤᠭᠤᠴᠠᠭ᠎ᠠ ᠨᠢ ᠲᠠᠭᠤᠰᠤᠭᠰᠠᠨ ᠮᠦᠷᠳᠡᠭᠡᠨ ᠰᠢᠯᠭᠠᠨ ᠪᠠᠶᠢᠴᠠᠭᠠᠯᠳᠠ ᠶᠢ ᠦᠡᠭᠭᠡᠷᠡᠭᠡᠭᠰᠡᠳ 3 ᠵᠢᠯ ᠤᠨ ᠲᠤᠳᠤᠷ᠎ᠠ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠳᠠ ᠳᠤ ᠤᠷᠤᠯᠴᠠᠪᠠᠯ᠂ ᠠᠩᠬᠠᠨ ᠤ ᠰᠢᠯᠭᠠᠯᠳᠠ ᠶᠢᠨ ᠶᠡᠷᠦᠩᠭᠡᠢ ᠬᠤᠪᠢ ᠳᠡᠭᠡᠷ᠎ᠠ 10 ᠬᠤᠪᠢ ᠨᠡᠮᠡᠵᠤ᠂ ᠠᠳᠠᠯᠢ ᠨᠦᠬᠦᠴᠡᠯ ᠲᠤᠤᠷ᠎ᠠ ᠤᠷᠢᠳᠴᠢᠯᠠᠨ ᠡᠯᠰᠡᠨ᠎ᠠ᠃

    ᠬᠤᠶᠠᠷ᠂ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠠᠯᠪᠠᠨ ᠵᠢᠷᠦᠮ ᠤᠨ ᠴᠡᠷᠢᠭ ᠠᠴᠠ ᠪᠠᠭᠤᠭᠰᠠᠨ ᠤ ᠳᠠᠷᠠᠭ᠎ᠠ᠂ ᠠᠰᠫᠢᠷᠠᠨᠲ ᠤᠨ ᠰᠢᠯᠭᠠᠭᠤᠯᠬᠤ ᠨᠦᠬᠦᠴᠡᠯ ᠳᠤ ᠬᠦᠷᠦᠭᠰᠡᠨ ᠪᠦ᠋ᠭᠡᠳ 3 ᠵᠢᠯ ᠤᠨ ᠲᠤᠳᠤᠷ᠎ᠠ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠳᠠ ᠳᠤ ᠤᠷᠤᠯᠴᠠᠪᠠᠯ᠂ ᠠᠩᠬᠠᠨ ᠤ ᠰᠢᠯᠭᠠᠯᠳᠠ ᠶᠢᠨ ᠶᠡᠷᠦᠩᠭᠡᠢ ᠬᠤᠪᠢ ᠳᠡᠭᠡᠷ᠎ᠠ 10 ᠬᠤᠪᠢ ᠨᠡᠮᠡᠵᠤ᠂ ᠠᠳᠠᠯᠢ ᠨᠦᠬᠦᠴᠡᠯ ᠲᠤᠤᠷ᠎ᠠ ᠤᠷᠢᠳᠴᠢᠯᠠᠨ ᠡᠯᠰᠡᠨ᠎ᠠ᠃ ᠴᠡᠷᠢᠭ ᠲᠤ ᠪᠠᠶᠢᠬᠤ ᠳᠠᠭᠠᠨ ᠬᠤᠶᠠᠳᠤᠭᠠᠷ ᠳᠡᠰ ᠠᠴᠠ ᠳᠡᠬᠡᠭᠰᠢᠬᠢ ᠭᠠᠪᠢᠶ᠎ᠠ ᠪᠠᠶᠢᠭᠤᠯᠤᠭᠰᠠᠨ ᠪᠦᠭᠡᠳ ᠠᠰᠫᠢᠷᠠᠨᠲ ᠰᠢᠯᠭᠠᠭᠤᠯᠬᠤ ᠨᠦᠬᠦᠴᠡᠯ ᠳᠤ ᠬᠦᠷᠦᠭᠰᠡᠨ ᠪᠤᠯ᠂ ᠦᠯᠦ ᠰᠢᠯᠭᠠᠬᠤ (ᠠᠩᠬᠠᠨ ᠤ ᠰᠢᠯᠭᠠᠯᠳᠠ) ᠠᠰᠫᠢᠷᠠᠨᠲ ᠦᠵᠡᠬᠦ ᠪᠠᠷ ᠡᠷᠡᠮᠡᠯᠵᠡᠵᠤ ᠪᠤᠯᠤᠨ᠎ᠠ᠃

    ᠭᠤᠷᠪᠠ᠂《ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠰᠡᠨ ᠤᠶᠤᠲᠠᠨ ᠤ ᠬᠦᠳᠡᠭᠡ ᠲᠤᠰᠬᠤᠨ ᠳᠤ ᠠᠵᠢᠯᠯᠠᠬᠤ》 ᠲᠦᠷᠦᠯ ᠵᠦᠢᠯ ᠤᠨ ᠦᠢᠯᠡᠴᠢᠯᠡᠬᠦ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ᠂ ᠰᠢᠯᠭᠠᠨ ᠪᠠᠶᠢᠴᠠᠭᠠᠯᠳᠠ ᠶᠢ ᠦᠡᠭᠭᠡᠷᠡᠭᠡᠭᠰᠡᠨ ᠰᠢᠯᠭᠠᠭᠤᠯᠤᠭᠰᠠᠳ 3 ᠵᠢᠯ ᠤᠨ ᠲᠤᠳᠤᠷ᠎ᠠ ᠪᠦᠬᠦ ᠤᠯᠤᠰ ᠤᠨ ᠠᠰᠫᠢᠷᠠᠨᠲ ᠤᠨ ᠰᠤᠷᠤᠭᠴᠢ ᠡᠯᠰᠡᠬᠦ ᠰᠢᠯᠭᠠᠯᠳᠠ ᠳᠤ ᠤᠷᠤᠯᠴᠠᠪᠠᠯ᠂ ᠠᠩᠬᠠᠨ ᠤ ᠰᠢᠯᠭᠠᠯᠳᠠ ᠶᠢᠨ ᠶᠡᠷᠦᠩᠭᠡᠢ ᠬᠤᠪᠢ ᠳᠡᠭᠡᠷ᠎ᠠ 10 ᠬᠤᠪᠢ ᠨᠡᠮᠡᠵᠤ᠂ ᠠᠳᠠᠯᠢ ᠨᠦᠬᠦᠴᠡᠯ ᠲᠤᠤᠷ᠎ᠠ ᠤᠷᠢᠳᠴᠢᠯᠠᠨ ᠡᠯᠰᠡᠨ᠎ᠠ᠃ ᠡᠭᠦᠨ ᠳᠤ ᠨᠡᠶᠢᠬᠡᠮ ᠤᠨ ᠰᠢᠨᠵᠢᠯᠡᠬᠦ ᠤᠬᠠᠭᠠᠨ ᠤ ᠲᠦᠷᠦᠯ ᠤᠨ ᠲᠤᠰᠬᠠᠢ ᠮᠡᠷᠭᠡᠵᠢᠯ ᠢ ᠰᠢᠯᠭᠠᠭᠤᠯᠬᠤ ᠰᠢᠯᠭᠠᠭᠤᠯᠤᠭᠰᠠᠳ ᠪᠤᠯ ᠠᠩᠬᠠᠨ ᠤ ᠰᠢᠯᠭᠠᠯᠳᠠ ᠶᠢᠨ ᠶᠡᠷᠦᠩᠭᠡᠢ ᠬᠤᠪᠢ ᠳᠡᠭᠡᠷ᠎ᠠ ᠨᠢ 15 ᠬᠤᠪᠢ ᠨᠡᠮᠡᠨ᠎ᠠ᠃

    ᠤᠡᠭᠰᠢᠪᠤᠷᠢ᠄ ᠠᠰᠫᠢᠷᠠᠨᠲ ᠤᠨ ᠰᠢᠯᠭᠠᠯᠲᠠ ᠳᠤ ᠬᠤᠪᠢ ᠨᠡᠮᠡᠬᠦ ᠶᠢ ᠬᠡᠷᠡᠭᠵᠢᠭᠦᠯᠬᠦ ᠳᠤᠬᠠᠢ ᠲᠤᠭᠲᠠᠭᠠᠯ᠄

    1. ᠬᠡᠷᠪᠡ ᠬᠠᠮᠢᠶ᠎ᠠ ᠪᠦᠭᠦᠢ ᠳᠤᠭᠲᠠᠭᠠᠯ ᠤᠨ ᠬᠤᠪᠢ ᠨᠡᠮᠡᠬᠦ ᠲᠦᠷᠦ ᠶᠢᠨ ᠪᠤᠳᠤᠯᠭ᠎ᠠ ᠳᠤ ᠨᠡᠶᠢᠴᠡᠪᠡᠯ᠂ ᠠᠩᠬᠠᠨ ᠤ ᠰᠢᠯᠭᠠᠯᠳᠠ ᠳᠤ ᠤᠷᠤᠯᠴᠠᠭᠰᠠᠨ ᠮᠦᠷᠳᠡᠭᠡᠨ ᠬᠤᠶᠡᠳᠡᠬᠢ ᠰᠢᠯᠭᠠᠯᠳᠠ ᠳᠤ ᠤᠷᠤᠯᠴᠠᠬᠤ ᠬᠢᠷᠢ ᠬᠡᠮ ᠢ ᠤᠯᠤᠭᠰᠠᠨ ᠤ ᠳᠠᠷᠠᠭ᠎ᠠ᠂ ᠠᠰᠫᠢᠷᠠᠨᠲ ᠢᠶᠠᠷ ᠰᠢᠯᠭᠠᠭᠤᠯᠤᠭᠰᠠᠳ ᠱᠠᠭᠠᠷᠳᠠᠯᠭ᠎ᠠ ᠶᠤᠰᠤᠭᠠᠷ ᠰᠤᠷᠤᠭᠴᠢ ᠡᠯᠰᠡᠬᠦ ᠪᠠᠶᠢᠭᠤᠯᠤᠯᠭ᠎ᠠ ᠨᠢᠭᠡᠴᠡ ᠳᠤ ᠬᠠᠮᠢᠶ ᠎ᠠ ᠪᠦᠬᠦᠢ ᠬᠡᠷᠡᠴᠢ ᠪᠢᠴᠢᠭ ᠢᠶᠠᠨ ᠲᠤᠰᠢᠶᠠᠨ᠎ᠠ᠃

    2. ᠡᠯ᠎ᠠ ᠭᠠᠵᠠᠷ ᠤᠷᠤᠨ ᠤ ᠰᠤᠷᠤᠭᠴᠢ ᠡᠯᠰᠡᠬᠦ ᠪᠠᠶᠢᠭᠤᠯᠤᠯᠭ᠎ᠠ ᠨᠢᠭᠡᠴᠡ ᠠᠰᠫᠢᠷᠠᠨᠲ ᠡᠯᠰᠡᠬᠦ ᠰᠢᠯᠭᠠᠯᠳᠠ ᠶᠢᠨ ᠠᠩᠬᠠᠨ ᠤ ᠰᠢᠯᠭᠠᠯᠳᠠ ᠶᠢᠨ ᠶᠡᠷᠦᠩᠭᠡᠢ ᠬᠤᠪᠢ ᠳᠡᠭᠡᠷ᠎ᠠ ᠬᠤᠪᠢ ᠨᠡᠮᠡᠬᠦ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠤ᠂ ᠰᠤᠷᠭᠠᠨ ᠬᠦᠮᠦᠵᠢᠯ ᠤᠨ ᠶᠠᠮᠤᠨ ᠤ ᠨᠢᠭᠡᠳᠦᠯᠳᠠᠢ ᠲᠤᠭᠳᠠᠭᠠᠭᠰᠠᠨ ᠬᠦᠷᠢᠶ᠎ᠠ ᠬᠡᠪᠴᠢᠶ᠎ᠠ ᠪᠠ ᠪᠠᠷᠢᠮᠵᠢᠶ᠎ᠠ ᠠᠴᠠ ᠭᠠᠳᠠᠨ᠎ᠠ᠂ ᠲᠤᠷ᠎ᠠ ᠪᠠᠷ ᠬᠦᠷᠢᠶ᠎ᠠ ᠬᠡᠪᠴᠢᠶ᠎ᠠ ᠶᠢ ᠨᠢ ᠶᠡᠭᠡᠰᠭᠡᠬᠦ ᠪᠤᠶᠤ ᠪᠤᠰᠤᠤᠨ ᠪᠠᠷᠢᠮᠵᠢᠶ᠎ᠠ ᠶᠢ ᠬᠡᠷᠡᠭᠵᠢᠭᠦᠯᠵᠤ ᠪᠤᠯᠬᠤ ᠦᠭᠡᠢ᠃

ᠢᠷᠡᠯᠳᠡ᠄ ᠦᠪᠦᠷ ᠮᠤᠩᠭᠤᠯ ᠤᠨ ᠡᠳᠦᠷ ᠤᠨ ᠰᠤᠨᠢᠨ ᠪᠡᠯᠡᠳᠭᠡᠭ᠍ᠰᠡᠨ ᠨᠢ᠄ ᠪᠣᠯᠣᠷᠴᠡᠴᠡᠭ᠌

ᠨᠡᠶᠢᠬᠡᠮ ᠠᠬᠤᠢ

ᠰᠣᠶᠤᠯ ᠤᠷᠠᠯᠢᠭ

  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
  • ᠪᠡᠬᠡᠵᠢᠩ ᠤᠨ ᠬᠡᠤᠬᠡᠳ ᠤᠨ ᠤᠷᠠᠯᠢᠭ ᠤᠨ ᠠᠩᠬᠠᠳᠤᠭᠠᠷ ᠨᠠᠭᠠᠳᠤᠮ ᠵᠤᠬᠢᠶᠠᠭᠳᠠᠪᠠ
关闭
010070230030000000000000011120701121727930