蒙古文网站Logo
ᠰᠢᠨᠬᠤᠸᠠ ᠮᠤᠩᠭ᠋ᠤᠯ ᠨᠧᠲ

ᠲᠤᠮᠲᠠᠲᠤ ᠮᠤᠩᠭᠤᠯ ᠤᠷᠤᠰ  ᠤᠨ 《ᠲᠤᠷᠭᠠᠨ ᠤ ᠵᠠᠮ》ᠲᠠᠭᠠᠤ ᠶᠡᠬᠡ ᠰᠤᠷᠭᠠᠭᠤᠯᠢ ᠶᠢᠨ ᠬᠤᠯᠪᠤᠭ᠎ᠠ ᠬᠦᠬᠡᠬᠤᠲᠠ ᠳ᠋ᠤ ᠪᠠᠶᠢᠭᠤᠯᠤᠭᠲᠠᠪᠠ

2017-09-29 17:09

    ᠰᠢᠨᠬᠤᠧᠠ ᠮᠤᠩᠭᠤᠯ ᠨᠧᠲ   9 ᠰᠠᠷ᠎ᠠ ᠶᠢᠨ 28 ᠤ ᠡᠲᠦᠷ ᠤᠨ ᠴᠠᠬᠢᠯᠭᠠᠨ ᠮᠡᠲᠡᠭᠡ ( ᠬ •ᠦᠵᠡᠰᠭᠦᠯᠡᠩ ) 27 ᠤ ᠡᠲᠦᠷ᠂ ᠲᠤᠮᠲᠠᠲᠤ ᠮᠤᠩᠭᠤᠯ ᠤᠨ ᠬᠤᠶᠠᠲᠤᠭᠠᠷ ᠬᠤᠭᠤᠴᠠᠭᠠᠨ ᠤ ᠦᠵᠡᠰᠬᠦᠯᠡᠩ ᠤᠨ ᠲᠤᠮᠲᠠᠲᠤ ᠭᠠᠲᠠᠭᠠᠲᠤ ᠶᠢᠨ ᠶᠡᠬᠡ ᠰᠤᠷᠭᠠᠭᠤᠯᠢ ᠶᠢᠨ ᠰᠤᠷᠭᠠᠨ ᠬᠦᠮᠦᠵᠢᠯ ᠤᠨ ᠬᠠᠮᠲᠤᠷᠠᠯᠴᠠᠭ᠎ᠠ ᠬᠦᠭ᠍ᠵᠢᠯᠲᠠ ᠶᠢᠨ ᠵᠠᠭᠢᠷᠤᠯ ᠨᠠᠷ ᠤᠨ ᠹᠤᠷᠦ᠋ᠮ ᠬᠦᠬᠡᠬᠤᠲᠠ ᠳ᠋ᠤ ᠪᠤᠯᠵᠤ᠂ ᠹᠤᠷᠦ᠋ᠮ ᠤᠨ ᠦᠶ᠎ᠠ ᠪᠡᠷ ᠲᠤᠮᠲᠠᠲᠤ ᠮᠤᠩᠭᠤᠯ ᠤᠷᠤᠰ ᠤᠨ 《ᠲᠤᠷᠭᠠᠨ ᠤ ᠵᠠᠮ》ᠲᠠᠭᠠᠤ ᠶᠡᠬᠡ ᠰᠤᠷᠭᠠᠭᠤᠯᠢ ᠶᠢᠨ ᠬᠤᠯᠪᠤᠭ᠎ᠠ ᠪᠠᠶᠢᠭᠤᠯᠤᠭᠲᠠᠪᠠ᠃

    ᠲᠤᠬᠠᠢ ᠶᠢᠨ ᠡᠲᠦᠷ ᠲᠤᠮᠲᠠᠲᠤ ᠤᠯᠤᠰ᠂ ᠤᠷᠤᠰ᠂ ᠮᠤᠩᠭᠤᠯ ᠤᠯᠤᠰ᠂ ᠠᠮᠧᠷᠢᠺᠠ᠂ ᠺᠤᠷᠢᠶᠠ᠂ ᠰᠢᠨ᠎ᠡ ᠽᠧᠯᠠᠨᠳ᠋ ᠵᠡᠷᠭᠡ 16 ᠤᠯᠤᠰ ᠤᠷᠤᠨ ᠤ 80 ᠭᠠᠷᠤᠢ ᠶᠡᠬᠡ ᠲᠡᠭᠡᠳᠦ ᠰᠤᠷᠭᠠᠭᠤᠯᠢ 190 ᠭᠠᠷᠤᠢ ᠲᠦᠯᠦᠭᠡᠯᠡᠯ ᠹᠤᠷᠦ᠋ᠮ ᠳ᠋ᠤ ᠤᠷᠤᠯᠴᠠᠵᠠᠢ᠃ ᠲᠤᠮᠲᠠᠲᠤ ᠮᠤᠩᠭᠤᠯ ᠤᠷᠤᠰ ᠤᠨ 《ᠲᠤᠷᠭᠠᠨ ᠤ ᠵᠠᠮ》ᠲᠠᠭᠠᠤ ᠶᠡᠬᠡ ᠰᠤᠷᠭᠠᠭᠤᠯᠢ ᠶᠢᠨ ᠬᠤᠯᠪᠤᠭᠠᠨ ᠳ᠋ᠤ ᠲᠤᠮᠲᠠᠲᠤ ᠤᠯᠤᠰ᠂ ᠮᠤᠩᠭᠤᠯ ᠤᠯᠤᠰ᠂ ᠤᠷᠤᠰ᠂ ᠪᠧᠯᠦᠷᠦ᠋ᠰ᠂ ᠦᠽᠪᠧᠺᠢᠰᠲ᠋ᠠᠨ᠂ ᠺᠢᠷᠺᠢᠽᠰᠲ᠋ᠠᠨ ᠵᠡᠷᠭᠡ ᠤᠯᠤᠰ ᠤᠨ 35 ᠶᠡᠬᠡ ᠲᠡᠭᠡᠳᠦ ᠰᠤᠷᠭᠠᠭᠤᠯᠢ ᠠᠩᠬᠠᠨ ᠤ ᠡᠭᠡᠯᠵᠢ ᠶᠢᠨ ᠭᠡᠰᠢᠬᠦᠨᠴᠢᠯᠡᠯ ᠢᠶᠡᠷ ᠪᠦᠷᠢᠳᠭᠡᠬᠦᠯᠵᠦ᠂《ᠲᠤᠮᠲᠠᠲᠤ ᠮᠤᠩᠭᠤᠯ ᠤᠷᠤᠰ ᠤᠨ <ᠲᠤᠷᠭᠠᠨ ᠤ ᠵᠠᠮ>ᠲᠠᠭᠠᠤ ᠶᠡᠬᠡ ᠰᠤᠷᠭᠠᠭᠤᠯᠢ ᠶᠢᠨ ᠬᠤᠯᠪᠤᠭ᠎ᠠ ᠶᠢᠨ ᠰᠠᠨᠠᠭᠠᠴᠢᠯᠠᠭ᠎ᠠ ᠶᠢᠨ ᠪᠢᠴᠢᠭ᠌》 ᠲᠤ ᠭᠠᠷ ᠤᠨ ᠦᠰᠦᠭ ᠵᠢᠷᠤᠪᠠ᠃

    ᠡᠨᠡᠬᠦ ᠬᠤᠯᠪᠤᠭ᠎ᠠ ᠶᠢᠨ ᠡᠭᠦᠰᠭᠡᠨ ᠪᠠᠶᠢᠭᠤᠯᠤᠭᠴᠢ ᠶᠢᠨ ᠨᠢᠭᠡ ᠪᠤᠯᠬᠤ ᠦᠪᠦᠷ ᠮᠤᠩᠭᠤᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠵᠠᠬᠢᠷᠤᠯ ᠶᠦᠨ ᠭᠦᠧᠧ ᠬᠤᠩ ᠰᠤᠷᠪᠤᠯᠵᠢᠯᠠᠭ᠎ᠠ ᠬᠦᠯᠢᠶᠡᠬᠦ ᠳ᠋ᠡᠭᠡᠨ᠂ ᠬᠤᠯᠪᠤᠭ᠎ᠠ ᠪᠠᠶᠢᠭᠤᠯᠤᠭᠲᠠᠭᠰᠠᠨ ᠨᠢ ᠤᠯᠠᠨ ᠤᠯᠤᠰ ᠤᠨ ᠬᠠᠮᠲᠤᠷᠠᠯᠴᠠᠭ᠎ᠠ ᠶᠢ ᠠᠬᠢᠭᠤᠯᠬᠤ ᠴᠢᠬᠤᠯᠠ ᠲᠠᠪᠴᠠᠩ ᠪᠤᠯᠪᠠ᠃ ᠲᠠᠷᠠᠭᠠᠴᠢ ᠪᠡᠷ ᠪᠢᠲᠠ ᠬᠡᠷᠡᠭ ᠮᠡᠲᠡᠭᠴᠢ ᠶᠢᠨ ᠵᠦᠪᠯᠡᠯ ᠪᠠᠶᠢᠭᠤᠯᠵᠤ ᠬᠤᠯᠪᠤᠭ᠎ᠠ ᠶᠢᠨ ᠲᠤᠭᠲᠠᠯᠴᠠᠭ᠎ᠠ ᠪᠠᠨ ᠤᠯᠠᠮ ᠲᠡᠭᠦᠯᠲᠡᠷᠵᠢᠬᠦᠯᠦᠨ᠂ ᠡᠯ᠎ᠡ ᠭᠡᠰᠢᠬᠦᠨᠴᠢᠯᠡᠯ ᠤᠨ ᠬᠤᠯᠪᠤᠭ᠎ᠠ ᠶᠢᠨ ᠠᠵᠢᠯ ᠢ ᠡᠭᠡᠯᠵᠢ ᠪᠡᠷ ᠬᠤᠪᠢᠶᠠᠨ ᠭᠦᠢᠴᠡᠳᠭᠡᠬᠦ ᠶᠢᠨ ᠬᠠᠮᠲᠤ ᠲᠤᠭᠲᠠᠭᠰᠠᠨ ᠬᠤᠭᠤᠴᠠᠭᠠᠨ ᠳ᠋ᠤ ᠬᠡᠷᠡᠭ ᠮᠡᠲᠡᠭᠴᠢ ᠶᠢᠨ ᠬᠤᠷᠠᠯ  ᠵᠤᠬᠢᠶᠠᠨ ᠪᠠᠶᠢᠭᠤᠯᠵᠤ᠂ ᠲᠤᠷᠠᠲᠤᠭᠰᠠᠨ ᠠᠰᠠᠭᠤᠲᠠᠯ ᠢᠶᠡᠨ ᠲᠡᠪᠰᠢᠭᠦᠯᠵᠤ《ᠨᠢᠭᠡ ᠪᠦᠰᠡ ᠨᠢᠭᠡ ᠵᠠᠮ》 ᠤᠨ ᠪᠠᠶᠢᠭᠤᠯᠤᠯᠲᠠ ᠶᠢᠨ ᠰᠤᠷᠭᠠᠨ ᠬᠦᠮᠦᠵᠢᠯ ᠤᠨ ᠪᠤᠲᠤᠯᠭ᠎ᠠ ᠲᠤᠭᠲᠠᠭᠠᠯᠲᠠ ᠳ᠋ᠤ ᠯᠠᠪᠯᠠᠯᠲᠠ ᠬᠠᠩᠭᠠᠬᠤ ᠪᠤᠯᠤᠨ᠎ᠠ ᠭᠡᠯ᠎ᠡ᠃

    ᠲᠤᠮᠲᠠᠲᠤ ᠮᠤᠩᠭᠤᠯ ᠤᠷᠤᠰ ᠤᠨ 《ᠲᠤᠷᠭᠠᠨ ᠤ ᠵᠠᠮ》ᠲᠠᠭᠠᠤ ᠶᠡᠬᠡ ᠰᠤᠷᠭᠠᠭᠤᠯᠢ ᠶᠢᠨ ᠬᠤᠯᠪᠤᠭ᠎ᠠ ᠶᠢᠨ ᠭᠡᠰᠢᠬᠦᠨᠴᠢᠯᠡᠯ ᠪᠤᠯᠬᠤ ᠮᠤᠩᠭᠤᠯ ᠤᠯᠤᠰ ᠤᠨ ᠡᠳ᠋ ᠤᠨ ᠵᠠᠰᠠᠭ ᠤᠨ ᠶᠡᠬᠡ ᠰᠤᠷᠭᠠᠭᠤᠯᠢ ᠶᠢᠨ ᠵᠠᠬᠢᠷᠤᠯ ᠳ •ᠪᠠᠲᠤᠵᠢᠷᠭᠠᠯ ᠲᠡᠮᠲᠡᠭᠯᠡᠬᠦ ᠳ᠋ᠡᠭᠡᠨ᠂ 《ᠨᠢᠭᠡ ᠪᠦᠰᠡ ᠨᠢᠭᠡ ᠵᠠᠮ》 ᠪᠤᠯ ᠲᠡᠯᠡᠬᠡᠢ ᠶᠢᠨ ᠬᠠᠮᠲᠤ ᠶᠢᠨ ᠬᠦᠭ᠍ᠵᠢᠯᠲᠠ ᠪᠠ ᠡᠶ᠎ᠡ ᠨᠠᠶᠢᠷᠠᠮᠲᠠᠯ ᠤᠨ ᠬᠦᠨᠳᠦ ᠴᠢᠬᠤᠯᠠ ᠰᠠᠨᠠᠭᠠᠴᠢᠯᠠᠭ᠎ᠠ ᠪᠤᠯᠤᠨ᠎ᠠ᠂ ᠮᠦᠨ ᠬᠤᠯᠪᠤᠭ᠎ᠠ ᠪᠠᠶᠢᠭᠤᠯᠤᠭᠲᠠᠭᠰᠠᠨ ᠨᠢ 《ᠲᠤᠷᠭᠠᠨ ᠤ ᠵᠠᠮ》ᠲᠠᠭᠠᠤ ᠤᠯᠤᠰ ᠤᠷᠤᠨ ᠤ ᠬᠦᠭ᠍ᠵᠢᠯᠲᠠ᠂ ᠰᠢᠨᠵᠢᠯᠡᠭᠡ ᠰᠤᠲᠤᠯᠭ᠎ᠠ᠂ ᠪᠠᠶᠢᠭᠠᠯᠢ ᠤᠷᠴᠢᠨ ᠤ ᠬᠠᠮᠭᠠᠯᠠᠯᠲᠠ ᠵᠡᠷᠭᠡ ᠴᠠᠷᠠᠭ᠎ᠠ ᠬᠦᠷᠢᠶᠠᠨ ᠳ᠋᠋ᠡᠬᠢ ᠬᠠᠮᠲᠤᠷᠠᠯᠴᠠᠭ᠎ᠠ ᠶᠢ ᠠᠬᠢᠭᠤᠯᠬᠤ ᠪᠤᠯᠤᠨ᠎ᠠ ᠭᠡᠵᠡᠢ᠃

    ᠤᠶᠢᠯᠠᠭᠠᠭᠰᠠᠨ ᠢᠶᠡᠷ᠂ ᠡᠨᠡᠬᠦ ᠬᠤᠯᠪᠤᠭ᠎ᠠ ᠪᠠᠶᠢᠭᠤᠯᠤᠭᠲᠠᠭᠰᠠᠨ ᠤ ᠲᠠᠷᠠᠭ᠎ᠠ 《ᠲᠤᠷᠭᠠᠨ ᠤ ᠵᠠᠮ》ᠲᠠᠭᠠᠤ ᠶᠢᠨ ᠶᠡᠬᠡ ᠲᠡᠭᠡᠳᠦ ᠰᠤᠷᠭᠠᠭᠤᠯᠢ ᠨᠤᠭᠤᠳ ᠵᠢᠭᠠᠨ ᠰᠤᠷᠭᠠᠯᠲᠠ᠂ ᠰᠢᠨᠵᠢᠯᠡᠭᠡ ᠰᠤᠲᠤᠯᠭ᠎ᠠ᠂ ᠪᠠᠭᠰᠢ ᠰᠤᠷᠤᠭᠴᠢᠳ ᠤᠨ ᠪᠤᠯᠪᠠᠰᠤᠷᠠᠯ ᠵᠡᠷᠭᠡ ᠡᠯ᠎ᠡ ᠰᠠᠯᠪᠤᠷᠢ ᠳ᠋ᠤ ᠪᠦᠬᠦ ᠲᠠᠯ᠎ᠠ ᠪᠡᠷ ᠰᠤᠯᠢᠯᠴᠠᠬᠤ ᠪᠡᠷ ᠪᠠᠷᠠᠬᠤ ᠦᠭᠡᠢ ᠬᠠᠮᠲᠤᠷᠠᠯᠴᠠᠭᠠᠨ ᠤ ᠲᠦᠰᠦᠯ ᠪᠠᠶᠢᠭᠤᠯᠤᠨ ᠠᠵᠢᠯᠯᠠᠬᠤ ᠪᠤᠯᠤᠮᠵᠢ ᠲᠠᠢ ᠪᠤᠯᠤᠨ᠎ᠠ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121747078