蒙古文网站Logo
ᠰᠢᠨᠬᠤᠸᠠ ᠮᠤᠩᠭ᠋ᠤᠯ ᠨᠧᠲ

ᠬᠠᠮᠲᠤᠷᠠᠨ ᠠᠵᠢᠯᠯᠠᠬᠤ ᠡᠷᠴᠢᠮ ᠶᠢᠡᠨ ᠴᠢᠩᠭᠠᠳᠬᠠᠵᠤ ᠤᠯᠤᠰ ᠠᠯᠤᠰᠯᠠᠭᠰᠠᠨ ᠴᠢᠲᠠᠪᠤᠷᠢᠲᠠᠨ ᠢ ᠬᠦᠮᠦᠵᠢᠬᠦᠯᠦᠨ᠎ᠠ

2017-09-30 16:05

    ᠰᠢᠨᠬᠤᠧᠠ ᠮᠤᠩᠭᠤᠯ ᠨᠧᠲ   ᠬᠦᠬᠡᠬᠤᠲᠠ ᠶᠢᠨ 9 ᠰᠠᠷ᠎ᠠ ᠶᠢᠨ 29 ᠤ ᠡᠲᠦᠷ ᠤᠨ ᠴᠠᠬᠢᠯᠭᠠᠨ ᠮᠡᠲᠡᠭᠡ ( ᠬ • ᠦᠵᠡᠰᠭᠦᠯᠡᠩ ) ᠲᠤᠮᠲᠠᠲᠤ ᠮᠤᠩᠭᠤᠯ ᠤᠷᠤᠰ ᠤᠨ ᠬᠠᠮᠲᠤ ᠶᠢᠨ ᠠᠵᠢᠯᠯᠠᠭ᠎ᠠ ᠶᠢᠨ ᠬᠦᠨᠵᠡᠭᠡᠶᠢᠷᠡᠬᠦ ᠶᠢ ᠲᠠᠭᠠᠯᠲᠤᠨ ᠰᠡᠬᠦᠯ ᠤᠨ ᠵᠢᠯ ᠡᠴᠡ ᠨᠠᠰᠢ ᠦᠪᠦᠷ ᠮᠤᠩᠭᠤᠯ ᠪᠤᠯᠤᠨ ᠮᠤᠩᠭᠤᠯ ᠤᠯᠤᠰ᠂ ᠤᠷᠤᠰ ᠤᠨ ᠰᠤᠷᠭᠠᠨ ᠬᠦᠮᠦᠵᠢᠯ ᠤᠨ ᠰᠠᠯᠪᠤᠷᠢ ᠶᠢᠨ ᠬᠠᠮᠲᠤᠷᠠᠯᠴᠠᠭ᠎ᠠ ᠬᠦᠭ᠍ᠵᠢᠯᠲᠠ ᠶᠢᠨ ᠰᠢᠨ᠎ᠡ ᠤᠷᠤᠨ ᠵᠠᠢ ᠲᠠᠢ ᠪᠤᠯᠪᠠ᠃ 2016 ᠤᠨ ᠤ ᠡᠴᠦᠰ ᠪᠤᠯᠲᠠᠯ᠎ᠠ ᠦᠪᠦᠷ ᠮᠤᠩᠭᠤᠯ ᠳ᠋ᠤ ᠰᠤᠷᠤᠯᠴᠠᠵᠤ ᠪᠠᠶᠢᠭ᠎ᠠ ᠭᠠᠲᠠᠭᠠᠲᠤ ᠤᠶᠤᠲᠠᠨ 3666 ᠬᠦᠮᠦᠨ᠂ ᠡᠭᠦᠨ ᠳ᠋ᠤ ᠮᠤᠩᠭᠤᠯ ᠤᠯᠤᠰ ᠤᠨ ᠤᠶᠤᠲᠠᠨ 2703 ᠬᠦᠮᠦᠨ᠂ 73.73 %  ᠶᠢ ᠡᠵᠡᠯᠡᠵᠦ᠂ ᠤᠷᠤᠰ ᠤᠨ ᠭᠠᠲᠠᠭᠠᠲᠤ ᠤᠶᠤᠲᠠᠨ 274 ᠬᠦᠮᠦᠨ᠂ 7.4 %  ᠶᠢ ᠡᠵᠡᠯᠡᠨ᠂ ᠮᠤᠩᠭᠤᠯ ᠤᠯᠤᠰ ᠪᠠ ᠤᠷᠤᠰ ᠨᠢ ᠦᠪᠦᠷ ᠮᠤᠩᠭᠤᠯ ᠤᠨ ᠭᠠᠲᠠᠭᠠᠲᠤ ᠤᠶᠤᠲᠠᠨ ᠤ ᠭᠤᠤᠯ ᠢᠷᠡᠯᠲᠡ ᠶᠢᠨ ᠤᠯᠤᠰ ᠪᠤᠯᠪᠠ᠃

    ᠦᠪᠦᠷ ᠮᠤᠩᠭᠤᠯ ᠤᠨ ᠶᠡᠬᠡ ᠰᠤᠷᠭᠠᠭᠤᠯᠢ ᠳ᠋ᠤ ᠰᠤᠷᠤᠯᠴᠠᠵᠤ ᠪᠠᠶᠢᠭ᠎ᠠ ᠮᠤᠩᠭᠤᠯ ᠤᠯᠤᠰ ᠤᠨ ᠭᠠᠲᠠᠭᠠᠲᠤ ᠤᠶᠤᠲᠠᠨ ᠡᠩᠬᠡᠲᠦ᠋ᠪᠰᠢᠨ 2013 ᠤᠨ ᠳ᠋ᠤ ᠠᠩᠬ᠎ᠠ ᠬᠦᠬᠡᠬᠤᠲᠠ ᠳ᠋ᠤ ᠢᠷᠡᠭᠰᠡᠨ ᠶᠤᠮ᠃ ᠲᠡᠷᠡᠪᠡᠷ ᠠᠩᠬ᠎ᠠ ᠶᠡᠬᠡ ᠰᠤᠷᠭᠠᠭᠤᠯᠢ ᠳ᠋ᠤ ᠢᠷᠡᠭᠰᠡᠨ ᠪᠠᠶᠢᠲᠠᠯ ᠤᠨ ᠲᠤᠬᠠᠢ ᠡᠷᠭᠢᠴᠡᠬᠦᠯᠦᠨ ᠶᠠᠷᠢᠬᠤ ᠳ᠋ᠠᠭᠠᠨ᠂ ᠬᠢᠲᠠᠳ ᠦᠭᠡ ᠶᠠᠭ ᠤᠶᠢᠯᠠᠭᠠᠬᠤ ᠦᠭᠡᠢ᠂ ᠬᠢᠲᠠᠳ ᠬᠡᠯᠡᠨ ᠤ ᠤᠷᠴᠢᠨ ᠪᠠᠶᠢᠬᠤ ᠦᠭᠡᠢ᠂ ᠰᠠᠭᠤᠷᠢ ᠪᠠᠶᠢᠬᠤ ᠦᠭᠡᠢ ᠤᠴᠢᠷ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠤᠯᠠᠨ ᠤᠯᠤᠰ ᠤᠨ ᠰᠤᠷᠭᠠᠨ ᠬᠦᠮᠦᠵᠢᠯ ᠤᠨ ᠲᠡᠭᠡᠳᠦ ᠰᠤᠷᠭᠠᠭᠤᠯᠢ ᠳ᠋ᠤ ᠵᠢᠯ ᠭᠠᠷᠤᠢ ᠬᠢᠲᠠᠳ ᠬᠡᠯᠡᠨ ᠤ ᠬᠢᠴᠢᠶᠠᠯ ᠰᠤᠷᠴᠤ ᠡᠲᠦᠷ ᠲᠤᠲᠤᠮ ᠤᠨ ᠬᠡᠷᠡᠭᠯᠡᠨ ᠤ ᠬᠢᠲᠠᠳ ᠬᠡᠯᠡ ᠶᠢ ᠰᠤᠷᠴᠤ ᠡᠵᠡᠮᠰᠢᠬᠦ ᠡᠴᠡ ᠭᠠᠲᠠᠨ᠎ᠠ ᠤᠩᠰᠢᠵᠤ ᠪᠢᠴᠢᠬᠦ ᠰᠠᠭᠤᠷᠢ ᠶᠢ ᠪᠦᠷᠢᠯᠲᠦᠬᠦᠯᠦᠭᠰᠡᠨ ᠶᠤᠮ ᠭᠡᠯ᠎ᠡ᠃

    ᠡᠩᠬᠡᠲᠦ᠋ᠪᠰᠢᠨ ᠰᠢᠭ ᠭᠠᠲᠠᠭᠠᠲᠤ ᠤᠶᠤᠲᠠᠨ ᠢ ᠨᠢᠭᠡ ᠵᠢᠯ ᠡᠴᠡ ᠬᠤᠶᠠᠷ ᠵᠢᠯ ᠤᠷᠴᠢᠮ ᠬᠢᠲᠠᠳ ᠬᠡᠯᠡᠨ ᠤ ᠪᠤᠯᠪᠠᠰᠤᠷᠠᠯ ᠰᠤᠷᠭᠠᠯᠲᠠ ᠳ᠋ᠤ ᠤᠷᠤᠯᠴᠠᠭᠤᠯᠵᠤ᠂ ᠲᠤᠰᠬᠠᠢ ᠮᠡᠷᠭᠡᠵᠢᠯ ᠶᠢᠡᠨ ᠰᠤᠷᠴᠦ ᠡᠵᠮᠡᠰᠢᠬᠦ ᠳ᠋ᠤᠨᠢ ᠬᠡᠯᠡᠨ ᠤ ᠰᠠᠭᠤᠷᠢ ᠪᠡᠯᠡᠳᠭᠡᠯ ᠢ ᠬᠢᠵᠦ ᠦᠭᠬᠦ ᠨᠢ ᠪᠢᠲᠠᠨ ᠤ ᠡᠭᠦᠷᠭᠡ ᠪᠤᠯᠬᠤ ᠪᠦᠭᠡᠳ ᠡᠲᠡᠭᠡᠷ ᠭᠠᠲᠠᠭᠠᠲᠤ ᠤᠶᠤᠲᠠᠳ ᠲᠤ ᠦᠢᠯᠡᠴᠢᠯᠡᠵᠦ ᠠᠮᠤᠷ ᠲᠦᠪᠰᠢᠨ ᠪᠠᠶᠢᠯᠭᠠᠬᠤ ᠪᠤᠯ ᠬᠠᠷᠢᠭᠤᠴᠠᠯᠭ᠎ᠠ ᠮᠦᠨ ᠭᠡᠵᠦ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠤᠯᠠᠨ ᠤᠯᠤᠰ ᠤᠨ ᠰᠤᠷᠭᠠᠨ ᠬᠦᠮᠦᠵᠢᠯ ᠤᠨ ᠲᠡᠭᠡᠳᠦ ᠰᠤᠷᠭᠠᠭᠤᠯᠢ ᠶᠢᠨ ᠵᠠᠬᠢᠷᠤᠯ ᠪᠠᠳᠮᠠᠤᠤᠠᠰᠠᠷ ᠶᠠᠷᠢᠨ᠎᠎ᠠ᠃

    ᠢᠩᠭᠢᠵᠦ ᠵᠢᠯ ᠭᠠᠷᠤᠢ ᠶᠢᠨ ᠬᠢᠲᠠᠳ ᠬᠡᠯᠡᠨ ᠤ ᠪᠤᠯᠪᠠᠰᠤᠷᠠᠯ ᠰᠤᠷᠭᠠᠯᠲᠠ ᠪᠡᠷ ᠲᠠᠮᠵᠢᠨ ᠭᠠᠲᠠᠭᠠᠲᠤ ᠤᠶᠤᠲᠠᠨ ᠬᠢᠲᠠᠳ ᠬᠡᠯᠡᠨ ᠤ ᠦᠨᠳᠦᠰᠦᠨ ᠰᠠᠭᠤᠷᠢ ᠮᠡᠲᠡᠯᠭᠡ ᠲᠠᠢ ᠪᠤᠯᠲᠠᠭ ᠶᠤᠮ᠃ 《ᠬᠢᠴᠢᠶᠠᠯ ᠤᠨ ᠴᠠᠭ ᠲᠠᠭᠠᠨ ᠪᠠᠭᠰᠢ ᠶᠢᠨ ᠶᠠᠷᠢᠬᠤ ᠶᠢ ᠬᠢᠨᠠᠭᠤᠷ ᠰᠤᠨᠤᠰᠴᠤ ᠬᠢᠴᠢᠶᠠᠯ ᠤᠨ ᠲᠠᠷᠠᠭ᠎ᠠ ᠪᠠᠲᠤᠳᠬᠠᠬᠤ ᠶᠢᠨ ᠬᠠᠮᠲᠤ ᠲᠤᠲᠤᠭᠤᠷ ᠪᠠᠶᠢᠷᠢ ᠶᠢᠨ ᠦᠭᠡᠷ᠎ᠡ ᠤᠨᠲᠤᠤ ᠤᠯᠤᠰ ᠤᠷᠤᠨ ᠤ ᠨᠦᠬᠦᠳ ᠲᠠᠢ ᠪᠠᠨ ᠬᠢᠲᠠᠳ ᠬᠡᠯᠡ ᠪᠡᠷ ᠶᠠᠷᠢᠯᠴᠠᠵᠤ ᠪᠤᠯᠪᠠᠰᠤᠷᠠᠲᠠᠭ᠂ ᠢᠩᠭᠢᠭ᠍ᠰᠡᠨ ᠶᠢᠡᠷ ᠬᠢᠲᠠᠳ ᠬᠡᠯᠡᠨ ᠤ ᠶᠠᠷᠢᠵᠤ ᠢᠯᠡᠳᠭᠡᠬᠦ ᠴᠢᠲᠠᠪᠤᠷᠢ ᠶᠢᠨ ᠲᠡᠭᠡᠭ᠍ᠰᠢᠯᠡᠯᠲᠡ ᠳ᠋ᠤ ᠶᠡᠬᠡ ᠰᠠᠶᠢᠨ ᠪᠠᠶᠢᠲᠠᠭ》ᠭᠡᠵᠦ ᠡᠩᠬᠡᠲᠦᠪᠰᠢᠨ ᠰᠤᠷᠤᠯᠴᠠᠭ᠎ᠠ ᠶᠢᠨ ᠤᠯᠤᠯᠲᠠ ᠪᠠᠨ ᠬᠤᠪᠢᠶᠠᠯᠴᠠᠨ᠎ᠠ᠃

    ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠲᠡᠳ᠋ ᠵᠠᠬᠢᠷᠤᠯ ᠡᠷᠬᠢᠮᠪᠠᠶᠠᠷ 《ᠦᠪᠦᠷ ᠮᠤᠩᠭᠤᠯ ᠤᠨ ᠶᠡᠬᠡ ᠰᠤᠷᠭᠠᠭᠤᠯᠢ ᠲᠤᠮᠲᠠᠲᠤ ᠮᠤᠩᠭᠤᠯ ᠤᠷᠤᠰ ᠤᠨ ᠡᠳ᠋ ᠤᠨ ᠵᠠᠰᠠᠭ ᠤᠨ ᠬᠤᠩᠬᠢᠯ ᠤᠨ ᠪᠠᠶᠢᠭᠤᠯᠤᠯᠲᠠ ᠵᠢᠴᠢ <ᠨᠢᠭᠡ ᠪᠦᠰᠡ ᠨᠢᠭᠡ ᠵᠠᠮ> ᠤᠨ ᠠᠬᠢᠭᠤᠯᠤᠯᠲᠠ ᠳ᠋ᠤ ᠴᠢᠲᠠᠪᠤᠷᠢᠲᠠᠨ ᠬᠦᠮᠦᠵᠢᠬᠦᠯᠬᠦ ᠪᠡᠷ ᠴᠢᠷᠮᠠᠶᠢᠨ ᠠᠵᠢᠯᠯᠠᠬᠤ ᠪᠤᠯᠤᠨ᠎ᠠ》ᠭᠡᠵᠦ ᠰᠤᠷᠪᠤᠯᠵᠢᠯᠠᠭ᠎ᠠ ᠦᠭᠬᠦᠯ᠎ᠡ᠃ ᠤᠲᠤ ᠡᠩᠬᠡᠲᠦᠪᠰᠢᠨ ᠲᠤᠩ ᠤᠲᠠᠬᠤ ᠦᠭᠡᠢ ᠰᠤᠷᠭᠠᠭᠤᠯᠢ ᠪᠠᠨ ᠲᠡᠭᠦᠰᠴᠦ ᠮᠠᠭᠢᠰᠲ᠋ᠧᠷ ᠴᠤᠯᠠ ᠪᠠᠨ ᠬᠠᠮᠠᠭᠠᠯᠠᠨ ᠮᠤᠩᠭᠤᠯ ᠤᠯᠤᠰ ᠤᠷᠤᠭᠤ ᠪᠠᠨ ᠪᠤᠴᠠᠬᠤ ᠲᠦᠯᠦᠪᠯᠡᠭᠡ ᠲᠠᠢ᠃ ᠲᠡᠭᠦᠨ ᠤ ᠶᠠᠷᠢᠬᠤ ᠪᠡᠷ ᠲᠤᠰᠬᠠᠢ ᠮᠡᠷᠭᠡᠵᠢᠯ ᠤᠨ ᠬᠠᠮᠢᠶᠠᠲᠠᠢ ᠬᠢᠲᠠᠳ ᠨᠡᠷ᠎ᠡ ᠲᠤᠮᠢᠶ᠎ᠠ᠂ ᠦᠬᠦᠯᠡᠯ ᠢ ᠪᠦᠷᠢᠨ ᠤᠩᠰᠢᠵᠤ ᠤᠶᠢᠯᠠᠭᠠᠬᠤ ᠪᠦᠭᠡᠳ ᠬᠢᠲᠠᠳ ᠬᠡᠯᠡ ᠪᠡᠷ ᠰᠢᠭᠤᠳ ᠶᠠᠷᠢᠯᠴᠠᠵᠤ ᠪᠤᠯᠲᠠᠭ ᠭᠡᠯ᠎ᠡ᠃

    ᠮᠤᠩᠭᠤᠯ ᠤᠯᠤᠰ ᠤᠨ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠲᠧᠭ᠍ᠨᠤᠯᠤᠬᠢ ᠰᠤᠶᠤᠯ ᠤᠨ ᠶᠠᠮᠤᠨ ᠤ ᠲᠠᠷᠤᠭ᠎ᠠ ᠭᠡ᠊ • ᠴᠢᠯᠠᠭᠤᠨᠪᠠᠲᠤ ᠰᠤᠷᠪᠤᠯᠵᠢᠯᠠᠭ᠎ᠠ ᠬᠦᠯᠢᠶᠡᠬᠦ ᠳ᠋ᠡᠭᠡᠨ᠂ ᠬᠢᠲᠠᠳ ᠬᠡᠯᠡᠨ ᠤ ᠰᠤᠷᠭᠠᠨ ᠬᠦᠮᠦᠵᠢᠯ᠂ ᠬᠠᠮᠲᠤᠷᠠᠨ ᠰᠤᠷᠭᠠᠭᠤᠯᠢ ᠡᠷᠬᠢᠯᠡᠬᠦ᠂ ᠰᠢᠨᠵᠢᠯᠡᠬᠦ ᠤᠬᠠᠭᠠᠨ ᠲᠧ᠍ᠭ᠍ᠨᠤᠯᠤᠬᠢ ᠶᠢᠨ ᠰᠤᠲᠤᠯᠭᠠᠨ᠂ ᠰᠤᠶᠤᠯ ᠤᠨ ᠦᠯᠡᠲᠡᠭᠲᠡᠯ ᠤᠨ ᠰᠤᠲᠤᠯᠭᠠᠨ ᠵᠡᠷᠭᠡ ᠰᠠᠯᠪᠤᠷᠢ ᠳ᠋ᠤ ᠢᠲᠡᠪᠬᠢᠲᠡᠢ ᠦᠷᠭᠡᠨ ᠬᠠᠮᠲᠤᠷᠠᠯᠴᠠᠭ᠎ᠠ ᠶᠠᠪᠤᠭᠤᠯᠬᠤ ᠶᠢ ᠬᠦᠰᠡᠵᠦ ᠪᠠᠶᠢᠨ᠎ᠠ ᠭᠡᠯ᠎ᠡ᠃

ᠢᠷᠡᠯᠳᠡ᠄ ᠰᠢᠨᠬᠤᠧᠠ ᠮᠤᠩᠭᠤᠯ ᠨᠧᠲ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121753174