蒙古文网站Logo
ᠰᠢᠨᠬᠤᠸᠠ ᠮᠤᠩᠭ᠋ᠤᠯ ᠨᠧᠲ

2018 ᠤᠨ ᠤ ᠠᠰᠫᠢᠷᠠᠨᠲ ᠤᠨ ᠡᠯᠰᠡᠯᠲᠡ ᠶᠢᠨ ᠰᠢᠯᠭᠠᠯᠲᠠ ᠳ᠋ᠤ ᠨᠡᠷ᠎ᠡ ᠪᠦᠷᠢᠳᠭᠡᠬᠦᠯᠬᠦ ᠠᠵᠢᠯ ᠦᠨᠦᠲᠦᠷ ᠡᠴᠡ ᠡᠬᠢᠯᠡᠨ᠎ᠡ

2017-10-10 16:54

    ᠰᠤᠷᠪᠤᠯᠵᠢᠯᠠᠭᠴᠢ ᠲᠤᠮᠲᠠᠲᠤ ᠤᠯᠤᠰ ᠤᠨ ᠠᠰᠫᠢᠷᠠᠨᠲ ᠡᠯᠰᠡᠬᠦ ᠰᠤᠷᠠᠭ ᠵᠠᠩᠬᠢ ᠶᠢᠨ ᠰᠦᠯᠵᠢᠶᠠᠨ ᠡᠴᠡ ᠤᠶᠢᠯᠠᠭᠠᠭᠰᠠᠨ ᠶᠢᠡᠷ᠂ ᠡᠨᠡ ᠤᠨ ᠤ ᠤᠯᠤᠰ ᠲᠠᠶᠠᠭᠠᠷ ᠤᠨ ᠠᠰᠫᠢᠷᠠᠨᠲ  ᠤᠨ ᠡᠯᠰᠡᠯᠲᠡ ᠳ᠋ᠤ ᠨᠡᠷ᠎ᠡ ᠪᠦᠷᠢᠳᠭᠡᠬᠦᠯᠬᠦ ᠠᠵᠢᠯ ᠦᠨᠦᠲᠦᠷ ᠡᠴᠡ ᠡᠬᠢᠯᠡᠪᠡ᠂ ᠢᠨᠲ᠋ᠧᠷᠨᠧᠲ ᠶᠢᠡᠷ ᠪᠦᠷᠢᠳᠭᠡᠬᠦᠯᠬᠦ ᠠᠵᠢᠯ 10 ᠰᠠᠷ᠎ᠠ ᠶᠢᠨ 10 ᠤ ᠡᠲᠦᠷ ᠡᠴᠡ 10 ᠰᠠᠷ᠎ᠠ ᠶᠢᠨ 31 ᠤ ᠡᠲᠦᠷ ᠪᠤᠯᠲᠠᠯ᠎ᠠ ᠡᠲᠦᠷ ᠪᠦᠷᠢ ᠶᠢᠨ 9᠄ 00 – 22᠄ 00 ᠴᠠᠭ ᠤᠨ ᠬᠤᠭᠤᠷᠤᠨᠲᠤ ᠶᠠᠪᠤᠬᠳᠠᠨ᠎ᠠ᠃ ᠪᠦᠷᠢᠳᠭᠡᠬᠦᠯᠵᠦ ᠪᠠᠶᠢᠬᠤ ᠬᠤᠭᠤᠴᠠᠭᠠᠨ ᠳ᠋ᠤ ᠰᠢᠯᠭᠠᠭᠤᠯᠤᠭᠰᠠᠳ ᠪᠦᠷᠢᠳᠭᠡᠬᠦᠯᠦᠭᠰᠡ ᠰᠤᠷᠠᠬ ᠵᠠᠡᠭ᠍ᠬᠢ ᠪᠡᠨ ᠦᠭᠡᠷᠡᠴᠢᠯᠡᠨ ᠵᠠᠰᠠᠬᠤ ᠪᠤᠶᠤ ᠲᠠᠬᠢᠨ ᠪᠦᠷᠢᠳᠭᠡᠬᠦᠯᠵᠦ ᠪᠤᠯᠲᠠᠭ᠂ ᠭᠡᠬᠦ ᠳ᠋ᠡᠭᠡᠨ ᠰᠢᠯᠭᠠᠭᠤᠯᠤᠭᠰᠠᠳ ᠪᠦᠷᠢ ᠬᠦᠴᠦᠨ ᠪᠦᠬᠦᠢ ᠨᠢᠭᠡ ᠵᠤᠷᠪᠤᠰ ᠰᠤᠷᠠᠬ ᠵᠠᠩᠬᠢ ᠪᠠᠨ ᠦᠯᠡᠲᠡᠭᠡᠬᠦ ᠬᠡᠷᠡᠭᠲᠡᠢ᠃ ᠬᠤᠭᠤᠴᠠᠭ᠎ᠠ ᠦᠩᠭᠡᠷᠡᠭᠰᠡᠨ ᠪᠠᠶᠢᠪᠠᠯ ᠪᠦᠷᠢᠳᠭᠡᠬᠦᠯᠵᠦ ᠪᠤᠯᠬᠤ ᠦᠭᠡᠢ ᠰᠤᠷᠠᠬ ᠵᠠᠩᠬᠢ ᠪᠠᠨ ᠦᠭᠡᠷᠡᠴᠢᠯᠡᠨ ᠵᠠᠰᠠᠵᠤ ᠪᠤᠯᠬᠤ ᠦᠭᠡᠢ᠃ ᠠᠩᠬᠠᠨ ᠤ ᠰᠢᠯᠭᠠᠯᠲᠠ 12 ᠰᠠᠷ᠎ᠠ ᠶᠢᠨ 23 ᠤ ᠡᠲᠦᠷ ᠡᠴᠡ 24 ᠤ ᠡᠲᠦᠷ ᠪᠤᠯᠲᠠᠯ᠎ᠠ ᠶᠠᠪᠤᠭᠲᠠᠨ᠎ᠠ᠃

ᠢᠷᠡᠯᠳᠡ᠄ ᠠᠷᠠᠳ ᠤᠨ ᠰᠦᠯᠵᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121781691