蒙古文网站Logo
ᠰᠢᠨᠬᠤᠸᠠ ᠮᠤᠩᠭ᠋ᠤᠯ ᠨᠧᠲ

ᠦᠪᠦᠷ ᠮᠤᠩᠭ᠋ᠤᠯ ᠤᠨ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ 2018 ᠤᠨ ᠡᠴᠡ ᠡᠬᠢᠯᠡᠨ ᠪᠦᠬᠦᠨ ᠢ ᠨᠤᠭᠤᠭᠠᠨ ᠬᠡᠪᠯᠡᠯ ᠪᠤᠯᠭᠠᠨ᠎ᠠ

2017-10-16 16:40

    ᠰᠢᠨᠬᠤᠧᠠ ᠬᠤᠷᠢᠶ᠎ᠠ   ᠬᠦᠬᠡᠬᠤᠲᠠ ᠶᠢᠨ 10 ᠰᠠᠷ᠎ᠠ ᠶᠢᠨ 13 ᠤ ᠡᠲᠦᠷ ᠤᠨ ᠴᠠᠬᠢᠯᠭᠠᠨ ᠮᠡᠲᠡᠭᠡ ( ᠰᠤᠷᠪᠤᠯᠵᠢᠯᠠᠭᠴᠢ ᠸᠠᠩ ᠵᠢᠩ ) ᠰᠤᠷᠪᠤᠯᠵᠢᠯᠠᠭᠴᠢ 13 ᠤ ᠡᠲᠦᠷ ᠦᠪᠦᠷ ᠮᠤᠩᠭ᠋ᠤᠯ ᠤᠨ ᠰᠤᠨᠢᠨ ᠮᠡᠲᠡᠭᠡ ᠬᠡᠪᠯᠡᠯ ᠷᠠᠳᠢᠤ᠋ ᠲᠸᠯᠸᠢᠰ ᠲᠤᠪᠴᠢᠶᠠᠨ ᠡᠴᠡ ᠤᠶᠢᠯᠠᠭᠠᠭᠰᠠᠨ ᠶᠢᠡᠷ ᠦᠪᠦᠷ ᠮᠤᠩᠭ᠋ᠤᠯ ᠤᠨ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ 2018 ᠤᠨ ᠡᠴᠡ ᠡᠬᠢᠯᠡᠨ ᠪᠦᠬᠦᠨ ᠢ ᠨᠤᠭᠤᠭᠠᠨ ᠬᠡᠪᠯᠡᠯ ᠪᠤᠯᠭᠠᠨ᠎ᠠ ᠭᠡᠵᠡᠢ᠃

    ᠰᠡᠬᠦᠯ ᠤᠨ ᠦᠶ᠎ᠠ ᠳ᠋ᠤ ᠦᠪᠦᠷ ᠮᠤᠩᠭ᠋ᠤᠯ ᠤᠨ ᠰᠤᠨᠢᠨ ᠮᠡᠲᠡᠭᠡ ᠬᠡᠪᠯᠡᠯ ᠷᠠᠳᠢᠤ᠋ ᠲᠸᠯᠸᠢᠰ ᠲᠤᠪᠴᠢᠶ᠎ᠠ ᠦᠪᠦᠷ ᠮᠤᠩᠭ᠋ᠤᠯ ᠤᠨ ᠰᠤᠷᠭᠠᠨ ᠬᠦᠮᠦᠵᠢᠯ ᠤᠨ ᠲᠢᠩᠬᠢᠮ᠂ ᠦᠪᠦᠷ ᠮᠤᠩᠭ᠋ᠤᠯ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠢᠩᠬᠢᠮ ᠬᠠᠮᠲᠤᠷᠠᠨ ᠡᠯ᠎ᠡ ᠠᠶᠢᠮᠠᠭ ᠬᠤᠲᠠ ᠵᠢᠴᠢ ᠬᠠᠮᠢᠶᠠᠲᠠᠢ ᠠᠵᠤ ᠠᠬᠤᠶᠢᠯᠠᠯ ᠳ᠋ᠤ 《 ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠲᠤᠮᠲᠠᠲᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠸᠷᠢᠶᠠᠯ ᠢ ᠪᠦᠬᠦᠨ ᠢ ᠨᠤᠭᠤᠭᠠᠨ ᠬᠡᠪᠯᠡᠯ ᠪᠤᠯᠭᠠᠬᠤ ᠲᠤᠬᠠᠢ ᠮᠡᠲᠡᠭᠲᠡᠯ》 ᠢ ᠲᠠᠷᠤᠮᠠᠯᠯᠠᠨ ᠲᠠᠷᠬᠠᠭᠠᠵᠤ᠂ ᠪᠦᠬᠦ ᠤᠯᠤᠰ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠤ ᠤᠯᠤᠰ ᠤᠨ ᠬᠢᠴᠢᠶᠠᠯ᠂ ᠨᠠᠶ᠋ᠮᠠᠨ ᠮᠤᠵᠢ ᠤᠷᠤᠨ ᠤ ᠮᠤᠩᠭ᠋ᠤᠯ ᠬᠡᠯᠡᠨ ᠤ ᠲᠦᠷᠦᠯ᠂ ᠦᠪᠦᠷ ᠮᠤᠩᠭ᠋ᠤᠯ ᠤᠨ ᠤᠷᠤᠨ ᠨᠤᠲᠤᠭ ᠤᠨ ᠬᠢᠴᠢᠶᠠᠯ ᠵᠡᠷᠭᠡ ᠪᠦᠬᠦᠶᠢᠯᠡ ᠵᠢᠭᠠᠬᠤ ᠮᠠᠲ᠋ᠧᠷᠢᠶᠠᠯ ᠢ ᠨᠤᠭᠤᠭᠠᠨ ᠬᠡᠪᠯᠡᠯ ᠪᠤᠯᠭᠠᠨ᠎ᠠ ᠭᠡᠵᠡᠢ᠃

    ᠤᠶᠢᠯᠠᠭᠠᠭᠰᠠᠨ ᠶᠢᠡᠷ ᠵᠢᠭᠠᠬᠤ ᠮᠠᠲ᠋ᠧ᠌ᠷᠢᠶᠠᠯ ᠢ ᠨᠤᠭᠤᠭᠠᠨ ᠶᠢᠡᠷ ᠬᠡᠪᠯᠡᠬᠦ ᠳ᠋ᠤ ᠤᠯᠤᠰ ᠡᠴᠡ ᠵᠥᠪᠰᠢᠶᠡᠷᠡᠭᠰᠡᠨ ᠨᠤᠭᠤᠭᠠᠨ ᠬᠡᠪᠯᠡᠯ ᠤᠨ ᠲᠡᠮᠲᠡᠭᠲᠦ ᠦᠨᠡᠮᠯᠡᠬᠦ ᠲᠠᠢ ᠠᠵᠤ ᠠᠬᠤᠶᠢᠯᠠᠯ ᠶᠢᠡᠷ ᠬᠡᠪᠯᠡᠬᠦᠯᠦᠭᠰᠡᠨ ᠪᠠᠶᠢᠬᠤ ᠬᠡᠷᠡᠭᠲᠡᠢ ᠪᠦᠭᠡᠳ ᠦᠢᠯᠡᠳᠪᠦᠷᠢᠯᠡᠯ ᠤᠨ ᠶᠠᠪᠤᠴᠠ ᠶᠢ ᠴᠢᠩᠭ᠋᠎ᠠ ᠡᠵᠡᠮᠰᠢᠨ᠂ ᠨᠤᠭᠤᠭᠠᠨ ᠬᠡᠪᠯᠡᠯ ᠤᠨ ᠲᠦᠭᠦᠭᠡᠷᠦᠮᠵᠢ ᠪᠠ ᠲᠦᠬᠦᠭᠡᠢ ᠮᠠᠲ᠋ᠸᠷᠢᠶᠠᠯ ᠢ ᠬᠡᠷᠡᠭᠯᠡᠨ᠂ ᠵᠢᠭᠠᠬᠤ ᠮᠠᠲ᠋ᠧᠷᠢᠶᠠᠯ ᠢ ᠨᠤᠭᠤᠭᠠᠨ ᠶᠢᠡᠷ ᠬᠡᠪᠯᠡᠬᠦ ᠱᠠᠭᠠᠷᠲᠠᠯᠭ᠎ᠠ ᠳ᠋ᠤ ᠨᠡᠶᠢᠴᠡᠭᠰᠡᠨ ᠪᠠᠶᠢᠬᠤ ᠶᠢ ᠪᠠᠲᠤᠯᠠᠨ᠎ᠠ᠃ ᠮᠦᠨ ᠨᠤᠭᠤᠭᠠᠨ ᠬᠡᠪᠯᠡᠯ ᠤᠨ ᠵᠢᠭᠠᠬᠤ ᠮᠠᠲ᠋ᠧᠷᠢᠶᠠᠯ ᠤᠨ ᠠᠷᠤ ᠬᠠᠪᠢᠰᠤᠨ ᠳ᠋ᠤ ᠲᠡᠮᠲᠡᠭ ᠲᠠᠯᠪᠢᠬᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120791121811250