蒙古文网站Logo
ᠰᠢᠨᠬᠤᠸᠠ ᠮᠤᠩᠭ᠋ᠤᠯ ᠨᠧᠲ

ᠴᠤᠮᠤᠷᠯᠢᠭ ᠹᠤᠨᠳ᠋ ᠴᠦᠬᠡᠨ ᠲᠤᠭᠠᠲᠤ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠤᠳᠬ᠎ᠠ ᠵᠤᠬᠢᠶᠠᠯ ᠲᠤᠭᠤᠷᠪᠢᠬᠤ ᠶᠢ ᠤᠷᠠᠮᠰᠢᠭᠤᠯᠤᠨ᠎ᠠ

2017-10-19 10:53

    ᠦᠴᠦᠭᠡᠳᠦᠷ᠂ ᠰᠤᠷᠪᠤᠯᠵᠢᠯᠠᠭᠴᠢ ᠦᠪᠦᠷ ᠮᠣᠩᠭᠣᠯ ᠤᠨ ᠵᠠᠯᠠᠭᠤᠴᠤᠳ ᠪᠠᠭᠠᠴᠤᠳ ᠤᠨ ᠬᠦᠭ᠍ᠵᠢᠯᠲᠠ ᠶᠢᠨ ᠹᠤᠨᠳ᠋ ᠤᠨ ᠨᠡᠶᠢᠭᠡᠮᠯᠢᠭ᠌ ᠡᠴᠡ ᠤᠶᠢᠯᠠᠭᠠᠭᠰᠠᠨ ᠢᠶᠡᠷ᠂ ᠴᠦᠬᠡᠨ ᠲᠤᠭᠠᠲᠤ ᠦᠨᠳᠦᠰᠦᠲᠡᠨ ᠤ ᠪᠠᠭᠠᠴᠤᠳ ᠤᠨ ᠤᠳᠬ᠎ᠠ ᠵᠤᠬᠢᠶᠠᠯ ᠲᠤᠭᠤᠷᠪᠢᠬᠤ ᠶᠢ ᠳᠡᠮᠵᠢᠵᠤ᠂ ᠴᠦᠬᠡᠨ ᠲᠤᠭᠠᠲᠤ ᠦᠨᠳᠦᠰᠦᠲᠡᠨ ᠤ ᠶᠠᠳᠠᠭᠤ ᠬᠦᠴᠢᠷᠳᠡᠯᠲᠠᠢ ᠭᠡᠷ ᠪᠦᠯᠢ ᠶᠢᠨ ᠵᠠᠯᠠᠭᠤᠴᠤᠳ ᠪᠠᠭᠠᠴᠤᠳ ᠤᠨ ᠡᠷᠡᠭᠦᠯ ᠦᠰᠦᠨ ᠬᠦᠮᠦᠵᠢᠭᠳᠡᠬᠦ ᠶᠢ ᠳᠡᠮᠵᠢᠬᠦ ᠶᠢᠨ ᠲᠦᠯᠦᠭᠡ ᠦᠪᠦᠷ ᠮᠣᠩᠭᠣᠯ ᠤᠨ ᠦᠨᠳᠦᠰᠦᠲᠡᠨ ᠤ ᠵᠠᠯᠠᠭᠤᠴᠤᠳ ᠪᠠᠭᠠᠣᠴᠤᠳ ᠤᠨ ᠰᠡᠳᠭᠦᠯ ᠤᠨ ᠬᠤᠷᠢᠶ᠎ᠠ ᠡᠴᠡ《ᠴᠤᠮᠤᠷᠯᠢᠭ ᠴᠦᠬᠡᠨ ᠲᠤᠭᠠᠲᠤ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠤᠳᠬ᠎ᠠ ᠵᠤᠬᠢᠶᠠᠯ ᠤᠨ ᠬᠦᠭ᠍ᠵᠢᠯᠲᠠ ᠶᠢᠨ ᠹᠤᠨᠳ᠋》 ᠢ ᠪᠠᠶᠢᠭᠤᠯᠪᠠ᠃

    ᠤᠶᠢᠯᠠᠭᠠᠭᠰᠨ ᠢᠶᠡᠷ᠂ ᠦᠪᠦᠷ ᠮᠣᠩᠭᠣᠯ ᠤᠨ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠭᠦᠯ ᠤᠨ ᠬᠤᠷᠢᠶ᠎ᠠ ᠡᠴᠡ ᠪᠠᠶᠢᠭᠤᠯᠤᠭᠳᠠᠬᠤ ᠠᠵᠢᠯᠯᠠᠭ᠎ᠠ ᠳᠤ ᠵᠤᠷᠢᠭᠤᠯᠤᠨ ᠠᠩᠬᠠᠳᠠᠭᠴᠢ ᠡᠭᠡᠯᠵᠢ ᠳᠤ 50 ᠲᠦᠮᠡᠨ ᠲᠦᠬᠦᠷᠢᠭ᠌ ᠬᠠᠨᠳᠢᠪᠯᠠᠪᠠ᠃ ᠰᠡᠭᠦᠯᠡᠷ ᠵᠢᠯ ᠪᠦᠷᠢ ᠠᠳᠠᠯᠢ ᠪᠤᠰᠤ ᠬᠡᠮᠵᠢᠶ᠎ᠡ ᠪᠡᠷ ᠮᠦᠩᠭᠦ ᠬᠠᠨᠳᠢᠪᠯᠠᠬᠤ ᠶᠢᠨ ᠬᠠᠮᠲᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠪᠤᠯᠤᠨ ᠬᠠᠨᠳᠢᠪ ᠡᠷᠭᠦᠭ᠍ᠰᠡᠳ ᠹᠤᠨᠳ᠋ ᠳᠤ ᠬᠠᠨᠳᠢᠪ ᠡᠷᠭᠦᠬᠦ ᠪᠤᠯᠤᠨ᠎ᠠ᠃ 《ᠴᠤᠮᠤᠷᠯᠢᠭ ᠹᠤᠨᠳ᠋》 ᠨᠢ ᠭᠤᠤᠯᠳᠠᠭᠤ ᠮᠣᠩᠭᠣᠯ ᠦᠨᠳᠦᠰᠦᠲᠡᠨ ᠤ ᠶᠠᠳᠠᠭᠤ ᠬᠦᠴᠢᠷᠳᠠᠯᠲᠠᠢ ᠭᠡᠷ ᠪᠦᠯᠢ ᠶᠢᠨ ᠰᠢᠯᠢᠳᠡᠭ ᠰᠤᠷᠤᠯᠭᠠᠲᠠᠳ ᠬᠢᠭᠡᠳ ᠤᠳᠬ᠎ᠠ ᠵᠤᠬᠢᠶᠠᠯ ᠳᠤ ᠪᠠᠬᠠᠲᠠᠢ ᠦᠨᠳᠦᠷ ᠳᠤᠮᠳᠠᠳᠤ᠂ ᠠᠩᠬ᠎ᠠ ᠳᠤᠮᠳᠠᠳᠤ ᠪᠤᠯᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠵᠤᠷᠢᠭᠤᠯᠤᠯᠲᠠ ᠲᠠᠢ᠃ ᠵᠠᠯᠠᠭᠤᠴᠤᠳ ᠪᠠᠭᠠᠴᠤᠳ ᠤᠨ ᠤᠳᠬ᠎ᠠ ᠵᠤᠬᠢᠶᠠᠯ ᠤᠨ ᠤᠷᠤᠯᠳᠤᠭᠠᠨ᠂ ᠤᠳᠬ᠎ᠠ ᠵᠤᠬᠢᠶᠠᠯ ᠤᠨ ᠰᠤᠯᠢᠯᠴᠠᠭ᠎ᠠ ᠵᠡᠷᠭᠡ ᠠᠵᠢᠯᠯᠠᠭ᠎ᠠ ᠶᠢ ᠵᠤᠬᠢᠶᠠᠨ ᠪᠠᠶᠢᠭᠤᠯᠬᠤ ᠳᠤ ᠭᠡᠷᠡᠭᠯᠡᠨ᠎ᠠ᠃ ( ᠰᠤᠷᠪᠤᠯᠵᠢᠯᠠᠭᠴᠢ ᠯᠢᠦ ᠰᠢᠶᠤᠤ ᠵᠢᠶᠦ᠋ᠨ)

ᠢᠷᠡᠯᠳᠡ᠄ ᠦᠪᠦᠷ ᠮᠣᠩᠭᠣᠯ ᠤᠨ ᠰᠤᠨᠢᠨ ᠮᠡᠳᠡᠭᠡᠨ ᠤ ᠨᠸᠲ ᠪᠡᠯᠡᠳᠭᠡᠭ᠍ᠰᠡᠨ ᠨᠢ᠄ ᠬᠡᠦᠬᠡᠨᠰᠤᠯᠢ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011100001121825470