蒙古文网站Logo
ᠰᠢᠨᠬᠤᠸᠠ ᠮᠤᠩᠭ᠋ᠤᠯ ᠨᠧᠲ

2018 ᠤᠨ ᠤ ᠴᠡᠷᠢᠭ ᠠᠩᠬᠢ ᠡᠴᠡ ᠠᠰᠫᠢᠷᠠᠨᠲ ᠡᠯᠰᠡᠬᠦ ᠠᠵᠢᠯ ᠪᠦᠬᠦ ᠲᠠᠯ᠎ᠠ ᠪᠡᠷ ᠡᠬᠢᠯᠡᠪᠡ

2017-10-23 21:50

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 23 ᠤ ᠡᠲᠦᠷ ᠤᠨ ᠴᠠᠬᠢᠯᠭᠠᠨ ᠮᠡᠲᠡᠭᠡ (ᠯᠢ ᠶᠦᠨ᠂ ᠡᠦ ᠰᠢᠦᠢ) ᠰᠡᠬᠦᠯ ᠤᠨ ᠦᠶ᠎ᠠ ᠳᠤ ᠴᠡᠷᠢᠭ ᠤᠨ ᠶᠠᠪᠤᠲᠠᠯ ᠤᠨ ᠠᠯᠪᠠᠨ ᠪᠠᠶᠢᠭᠤᠯᠤᠯᠭ᠎ᠠ ᠬᠠᠮᠢᠶᠠᠲᠠᠢ ᠰᠠᠯᠠᠭ᠎ᠠ ᠮᠦᠴᠢᠷ ᠲᠠᠢ ᠬᠠᠮᠲᠤᠷᠠᠨ ᠮᠡᠲᠡᠭᠲᠡᠯ ᠪᠠᠭᠤᠯᠭᠠᠵᠤ᠂ 2018 ᠤᠨ ᠤ ᠪᠦᠬᠦ ᠴᠡᠷᠢᠭ ᠠᠩᠬᠢ ᠡᠴᠡ ᠠᠰᠫᠢᠷᠠᠨᠲ ᠡᠯᠰᠡᠬᠦ ᠠᠵᠢᠯ ᠢ ᠪᠠᠶᠢᠷᠢᠯᠠᠭᠤᠯᠪᠠ᠃ 2018 ᠤᠨ ᠤ ᠴᠡᠷᠢᠭ ᠠᠩᠬᠢ ᠡᠴᠡ ᠠᠰᠫᠢᠷᠠᠨᠲ ᠡᠯᠰᠡᠬᠦ ᠠᠵᠢᠯ ᠨᠢ ᠲᠦᠷᠢᠮ ᠤᠨ ᠦᠭᠡᠷᠡᠴᠢᠯᠡᠯᠲᠡ ᠶᠢᠨ ᠴᠤᠪᠤᠷᠠᠯ ᠠᠷᠭ᠎ᠠ ᠬᠡᠮᠵᠢᠶ᠎ᠠ ᠠᠪᠴᠤ᠂ ᠴᠡᠷᠢᠭ ᠠᠩᠬᠢ ᠶᠢᠨ ᠬᠡᠪᠴᠢᠶᠠᠵᠢᠯ ᠤᠨ ᠪᠦᠲᠦᠴᠡ ᠪᠠ ᠬᠦᠴᠦᠨ ᠤ ᠲᠤᠬᠢᠷᠠᠭᠤᠯᠤᠯᠲᠠ ᠶᠢᠨ ᠦᠭᠡᠷᠡᠴᠢᠯᠡᠯᠲᠡ ᠶᠢᠨ ᠲᠠᠷᠠᠭ᠎ᠠ ᠲᠡᠭᠡᠳᠦ ᠲᠦᠪᠰᠢᠨ ᠤ ᠴᠡᠷᠢᠭ ᠤᠨ ᠶᠠᠪᠤᠲᠠᠯ ᠤᠨ ᠴᠢᠲᠠᠪᠤᠷᠢᠲᠠᠨ ᠤ ᠬᠡᠷᠡᠭᠴᠡᠭᠡᠨ ᠳ᠋ᠤ ᠲᠤᠬᠢᠷᠠᠯᠴᠠᠭᠤᠯᠤᠨ᠎ᠠ᠃

    ᠰᠤᠷᠪᠤᠯᠵᠢᠯᠠᠭᠴᠢ ᠲᠦᠪ ᠤᠨ ᠴᠡᠷᠢᠭ ᠤᠨ ᠶᠠᠪᠤᠲᠠᠯ ᠤᠨ ᠬᠤᠷᠢᠶᠠᠨ ᠤ ᠰᠤᠷᠭᠠᠭᠤᠯᠢᠯᠠᠯ ᠢ ᠬᠠᠮᠢᠶᠠᠷᠬᠤ ᠭᠠᠵᠠᠷ ᠡᠴᠡ ᠤᠶᠢᠯᠠᠭᠠᠭᠰᠠᠨ ᠶᠢᠡᠷ᠂ 2018 ᠤᠨ ᠳ᠋ᠤ ᠪᠦᠬᠦ ᠴᠡᠷᠢᠭ ᠪᠠ ᠵᠡᠪᠰᠡᠭᠲᠦ ᠴᠠᠭᠲᠠᠭᠠᠨ ᠤ ᠴᠡᠷᠢᠭ ᠠᠩᠬᠢ ᠡᠴᠡ ᠨᠡᠶᠢᠲᠡ 6800 ᠠᠰᠫᠢᠷᠠᠨᠲ ᠡᠯᠰᠡᠨ᠎ᠡ᠂ ᠡᠭᠦᠨ ᠳ᠋ᠤ ᠪᠦᠬᠦᠯᠢ ᠡᠲᠦᠷ ᠤᠨ ᠲᠦᠷᠢᠮᠲᠤ 5000 ᠬᠦᠮᠦᠨ᠂ ᠪᠦᠬᠦᠯᠢ ᠡᠲᠦᠷ ᠤᠨ ᠪᠤᠰᠤ ᠲᠦᠷᠢᠮᠲᠦ 1800 ᠬᠦᠮᠦᠨ᠂ ᠨᠡᠶᠢᠲᠡ ᠬᠦᠮᠦᠨ ᠤ ᠬᠠᠷᠢᠴᠠᠯ ᠤᠨ ᠲᠠᠯ᠎ᠠ ᠳ᠋ᠤ 2017 ᠤᠨ ᠤ ᠬᠢ ᠡᠴᠡ 9% ᠪᠡᠷ ᠴᠥᠭᠡᠷᠡᠵᠤ ᠡᠯᠰᠡᠬᠦ ᠬᠡᠪᠴᠢᠶ᠎ᠠ ᠶᠢ ᠨᠢ ᠤᠯᠠᠮ ᠪᠠᠭᠠᠰᠬᠠᠪᠠ᠃ 2018 ᠤᠨ ᠡᠴᠡ ᠡᠬᠢᠯᠡᠨ ᠰᠢᠨ᠎ᠡ ᠪᠡᠷ ᠲᠡᠭᠦᠰᠴᠦ ᠪᠤᠢ ᠦᠨᠳᠦᠰᠦᠨ ᠠᠩᠬᠢ  ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠤᠭᠴᠢ ᠵᠦᠪᠬᠡᠨ ᠴᠡᠷᠢᠭ ᠠᠩᠬᠢ ᠶᠢᠨ ᠠᠰᠫᠢᠷᠠᠨᠲ ᠶᠢᠡᠷ ᠰᠢᠯᠭᠠᠭᠤᠯᠵᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121844502