蒙古文网站Logo
ᠰᠢᠨᠬᠤᠸᠠ ᠮᠤᠩᠭ᠋ᠤᠯ ᠨᠧᠲ

《ᠤᠷᠤᠬᠤ ᠡᠴᠡ ᠰᠤᠷᠭᠠᠭᠤᠯᠢ ᠲᠠᠢ》ᠪᠠᠶᠢᠭᠰᠠᠨ ᠡᠴᠡ《ᠰᠠᠶᠢᠨ ᠰᠤᠷᠭᠠᠭᠤᠯᠢ ᠳ᠋ᠤ ᠤᠷᠤᠬᠤ》 - ᠲᠦᠯᠦᠭᠡᠯᠡᠭᠴᠢᠳ ᠲᠦᠪ ᠭᠤᠤᠯᠴᠢ ᠴᠢᠨᠠᠷ ᠲᠠᠢ ᠰᠤᠷᠭᠠᠨ ᠬᠦᠮᠦᠵᠢᠯ ᠤᠨ ᠠᠰᠠᠭᠤᠳᠠᠯ ᠢᠶᠡᠷ ᠬᠠᠯᠠᠭᠤᠨ ᠶᠠᠷᠢᠯᠴᠠᠭ᠎ᠠ ᠦᠷᠨᠢᠬᠦᠯᠪᠡ

2017-10-23 21:38

    ᠰᠢᠨᠬᠤᠧᠠ ᠬᠤᠷᠢᠶ᠎ᠠ   ᠪᠡᠭᠡᠵᠢᠩ ᠤᠨ 10 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠵᠠᠩ ᠰᠢᠨ ᠰᠢᠨ᠂ ᠲᠦ᠋ ᠴᠤᠤ ᠬᠤᠧᠠ᠂ ᠡᠾᠧᠦ ᠯᠢ ᠵᠢᠶᠦ᠋ᠨ )《ᠬᠡᠦᠬᠡᠳ ᠨᠢᠭᠡᠪᠦᠷᠢ  ᠳᠤ ᠲᠦᠪ ᠭᠤᠤᠯᠴᠢ᠂ ᠴᠢᠨᠠᠷ ᠲᠠᠢ ᠰᠤᠷᠭᠠᠨ ᠬᠦᠮᠦᠵᠢᠯ ᠬᠦᠷᠲᠡᠭᠡᠨ᠎ᠡ 》ᠭᠡᠰᠡᠨ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠢᠯᠡᠳᠭᠡᠯ ᠳᠡᠬᠢ ᠡᠨᠡᠬᠦ ᠦᠭᠦᠯᠡᠪᠦᠷᠢ  ᠨᠢ ᠲᠦᠯᠦᠭᠡᠯᠡᠭᠴᠢᠳ ᠲᠤ ᠶᠡᠬᠡ ᠯᠡ ᠲᠠᠭᠠᠯᠠᠭᠲᠠᠵᠤ ᠪᠠᠶᠢᠯ᠎ᠠ᠃ ᠰᠤᠷᠪᠤᠯᠵᠢᠯᠠᠭ᠎ᠠ ᠬᠦᠯᠢᠶᠡᠭᠰᠡᠨ ᠲᠦᠯᠦᠭᠡᠯᠡᠭᠴᠢᠳ ᠤᠨ ᠦᠵᠡᠬᠦ ᠪᠡᠷ《ᠲᠦᠪ ᠭᠤᠤᠯᠴᠢ》᠂《ᠴᠢᠨᠠᠷ ᠲᠠᠢ》ᠭᠡᠬᠦ ᠬᠤᠶᠠᠷ ᠦᠭᠡ ᠨᠢ ᠰᠤᠷᠭᠠᠨ ᠬᠦᠮᠦᠵᠢᠯ ᠤᠨ ᠵᠠᠭᠠᠭ ᠱᠤᠭᠤᠮ ᠢ ᠪᠠᠭᠠᠰᠬᠠᠵᠤ᠂《ᠤᠷᠤᠬᠤ ᠡᠴᠡ ᠰᠤᠷᠭᠠᠭᠤᠯᠢ ᠲᠠᠢ》ᠪᠠᠶᠢᠭᠰᠠᠨ ᠡᠴᠡ ᠪᠡᠨ《ᠰᠠᠶᠢᠨ ᠰᠤᠷᠭᠠᠭᠤᠯᠢ ᠳ᠋ᠤ ᠤᠷᠤᠬᠤ》 ᠮᠠᠨ ᠤ ᠤᠯᠤᠰ ᠤᠨ ᠰᠢᠨ᠎ᠡ ᠴᠠᠭ ᠦᠶ᠎ᠠ ᠶᠢᠨ ᠰᠤᠷᠭᠠᠨ ᠬᠦᠮᠦᠵᠢᠯ ᠤᠨ ᠰᠢᠨ᠎ᠡ ᠡᠭᠦᠷᠭᠡ ᠶᠢ ᠬᠤᠷᠢᠶᠠᠩᠭ᠋ᠤᠶᠢᠯᠠᠵᠠᠢ᠃

    ᠬᠦᠲᠡᠭᠡ ᠲᠤᠰᠬᠤᠨ ᠤ ᠰᠤᠷᠭᠠᠨ ᠬᠦᠮᠦᠵᠢᠯ ᠤᠨ ᠠᠵᠢᠯ ᠢ ᠤᠯᠠᠨ ᠵᠢᠯ ᠬᠢᠭ᠍ᠰᠡᠨ ᠨᠠᠮ ᠤᠨ ᠠᠷᠪᠠᠨ ᠶᠢᠰᠦᠲᠦᠭᠡᠷ ᠶᠡᠬᠡ ᠬᠤᠷᠠᠯ ᠤᠨ ᠲᠦᠯᠦᠭᠡᠯᠡᠭᠴᠢ᠂ ᠶᠦᠨᠨᠠᠨ ᠮᠤᠵᠢ ᠶᠢᠨ ᠢᠦᠢ ᠰᠢ ᠬᠤᠲᠠ ᠶᠢᠨ ᠨᠢᠭᠡᠲᠦᠭᠡᠷ ᠪᠠᠭ᠎ᠠ ᠰᠤᠷᠭᠠᠭᠤᠯᠢ ᠶᠢᠨ ᠵᠠᠬᠢᠷᠤᠯ ᠶᠠᠩ ᠴᠢᠶᠦ᠋ᠩ ᠶᠢᠩ 《ᠲᠤᠬᠠᠢ ᠶᠢᠨ ᠲᠠᠯᠠᠪᠤᠷ ᠲᠤ ᠲᠤᠭᠲᠤᠯᠵᠤ ᠪᠠᠶᠢᠵᠤ ᠢᠯᠡᠳᠭᠡᠯ ᠢ ᠰᠤᠨᠤᠰᠴᠤ ᠲᠠᠭᠤᠰᠤᠭᠰᠠᠨ》ᠭᠡᠯ᠎ᠡ᠃ ᠲᠠᠪᠤᠨ ᠵᠢᠯ ᠤᠨ ᠲᠤᠷᠰᠢ ᠬᠦᠲᠡᠭᠡ ᠲᠤᠰᠬᠤᠨ ᠤ ᠰᠤᠷᠭᠠᠨ ᠬᠦᠮᠦᠵᠢᠯ ᠳᠤ ᠶᠡᠬᠡ ᠬᠤᠪᠢᠷᠠᠯᠲᠠ ᠭᠠᠷᠤᠬᠰᠠᠨ ᠶᠤᠮ᠃ ᠠᠷᠪᠠᠨ ᠵᠢᠯ ᠤᠨ ᠡᠮᠦᠨ᠎ᠡ ᠶᠦᠨᠨᠠᠨ ᠤ ᠬᠢᠯᠢ ᠲᠠᠭᠠᠤ ᠤᠷᠤᠨ ᠤ ᠵᠠᠷᠢᠮ ᠴᠦᠬᠡᠨ ᠲᠤᠭᠠᠲᠤ ᠦᠨᠳᠦᠰᠦᠲᠡᠨ ᠤ ᠤᠷᠤᠨ ᠤ ᠰᠤᠷᠭᠠᠭᠤᠯᠢ ᠶᠢᠨ ᠲᠤᠲᠤᠭᠤᠷ ᠪᠠᠶᠢᠷᠢ ᠨᠢ ᠰᠢᠷᠤᠢ ᠶᠢᠨ ᠪᠠᠶᠢᠰᠢᠩ ᠪᠠᠶᠢᠬᠰᠠᠨ᠂ ᠤᠲᠤ ᠪᠤᠯᠬᠤ ᠳ᠋ᠤ ᠲᠤᠰᠬᠤᠨ ᠤ ᠪᠠᠨ ᠬᠠᠮᠤᠭ ᠤᠨ ᠰᠠᠶᠢᠨ ᠪᠠᠷᠢᠯᠭ᠎ᠠ ᠪᠤᠯᠵᠤ᠂ ᠰᠤᠷᠤᠭᠴᠢᠳ ᠰᠢᠮ᠎ᠡ ᠲᠡᠵᠢᠭᠡᠯ ᠲᠠᠢ ᠬᠤᠭᠤᠯᠠ ᠵᠠᠭᠤᠰᠢ ᠢᠲᠡᠵᠦ᠂ ᠪᠠᠭᠰᠢ ᠶᠢᠨ ᠴᠠᠯᠢᠩ ᠬᠦᠯᠦᠰᠦ ᠨᠡᠮᠡᠭᠲᠡᠨ᠂ ᠰᠤᠷᠭᠠᠨ ᠬᠦᠮᠦᠵᠢᠯ ᠤᠨ ᠤᠷᠴᠢᠨ ᠯᠤᠲᠤ ᠶᠡᠬᠡ ᠬᠤᠪᠢᠷᠠᠯᠲᠠ ᠲᠠᠢ ᠪᠤᠯᠪᠠ᠃

    《ᠤᠷᠤᠬᠤ ᠡᠴᠡ ᠰᠤᠷᠭᠠᠭᠤᠯᠢ ᠲᠠᠢ》ᠪᠠᠶᠢᠭᠰᠠᠨ ᠡᠴᠡ《ᠰᠠᠶᠢᠨ ᠰᠤᠷᠭᠠᠭᠤᠯᠢ ᠳ᠋ᠤ ᠤᠷᠤᠬᠤ》 ᠨᠢ ᠨᠢᠭᠡᠨ ᠵᠠᠭᠠᠭ ᠱᠤᠭᠤᠮ ᠪᠤᠯᠵᠤ ᠰᠤᠷᠭᠠᠨ ᠬᠦᠮᠦᠵᠢᠯ ᠤᠨ ᠬᠦᠭ᠍ᠵᠢᠯᠲᠠ ᠰᠢᠨ᠎ᠡ ᠴᠠᠭ ᠦᠶ᠎ᠠ ᠳ᠋ᠤ ᠤᠷᠤᠭᠰᠠᠨ ᠤ ᠪᠡᠯᠭᠡ ᠲᠡᠮᠲᠡᠭ ᠪᠤᠯᠪᠠ᠃

    ᠨᠠᠮ ᠤᠨ ᠠᠷᠪᠠᠨ ᠶᠢᠰᠦᠲᠦᠭᠡᠷ ᠶᠡᠬᠡ ᠬᠤᠷᠠᠯ ᠤᠨ ᠲᠦᠯᠦᠭᠡᠯᠡᠭᠴᠢ᠂ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠪᠠᠶᠠᠨᠨᠠᠭᠤᠷ ᠬᠤᠳᠠ ᠶᠢᠨ ᠯᠢᠨ ᠡᠾᠸ ᠲᠤᠭᠤᠷᠢᠭ ᠤᠨ ᠲᠠᠪᠤᠲᠤᠭᠠᠷ ᠲᠤᠮᠲᠠᠲᠤ ᠰᠤᠷᠭᠠᠭᠤᠯᠢ ᠶᠢᠨ ᠯᠢ ᠹᠸᠩ ᠡᠧ ᠬᠡᠯᠡᠬᠦ ᠳ᠋ᠡᠭᠡᠨ᠂ ᠡᠨᠡᠬᠦ ᠵᠠᠭᠠᠭ ᠱᠤᠭᠤᠮ ᠲᠤᠮᠲᠠ ᠪᠠᠷᠠᠭᠤᠨ ᠪᠦᠰᠡ ᠳ᠋ᠤ ᠲᠤᠪᠤᠶᠢᠮ᠎ᠠ ᠢᠯᠡᠷᠡᠵᠦ ᠪᠠᠶᠢᠲᠠᠭ᠂ ᠬᠡᠲᠦᠶᠢᠪᠡᠷ ᠰᠤᠷᠭᠠᠭᠤᠯᠢ ᠡᠷᠬᠢᠯᠡᠬᠦ ᠨᠦᠬᠦᠴᠡᠯ ᠡᠲᠦᠷ ᠢᠷᠡᠬᠦᠶ᠎ᠠ ᠰᠠᠶᠢᠵᠢᠷᠠᠵᠤ ᠲᠤᠭᠲᠠᠭᠤᠨ ᠲᠡᠭᠡᠭ᠍ᠰᠢᠯᠡᠵᠦ ᠪᠠᠶᠢᠭ᠎ᠠ ᠪᠤᠯᠪᠠᠴᠤ ᠵᠡᠬᠦᠨ ᠪᠦᠰᠡ ᠲᠠᠢ ᠬᠠᠷᠢᠴᠠᠭᠤᠯᠪᠠᠯ ᠲᠤᠮᠲᠠ ᠪᠠᠷᠠᠭᠤᠨ ᠪᠦᠰᠡ ᠨᠡᠯᠢᠶᠡᠳ ᠶᠡᠬᠡ ᠵᠦᠷᠢᠶ᠎ᠠ ᠲᠠᠢ ᠪᠠᠶᠢᠭᠰᠠᠭᠠᠷ᠃ ᠵᠢᠱᠢᠶᠡᠯᠡᠪᠡᠯ ᠲᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠬᠦᠷᠢᠶᠠᠨ ᠳ᠋ᠤ ᠤᠯᠠᠩᠬᠢ ᠭᠠᠵᠠᠷ ᠲᠤ ᠶᠠᠮᠤᠨ ᠳ᠋ᠤ ᠬᠠᠷᠢᠶᠠᠯᠠᠭᠲᠠᠬᠤ ᠰᠤᠷᠭᠠᠭᠤᠯᠢ ᠦᠭᠡᠢ ᠪᠠᠶᠢᠭᠰᠠᠭᠠᠷ ᠶᠤᠮ ᠭᠡᠵᠡᠢ᠃

    ᠲᠦᠯᠦᠭᠡᠯᠡᠭᠴᠢᠳ ᠤᠨ ᠦᠵᠡᠬᠦ ᠪᠡᠷ ᠤᠯᠤᠰ ᠲᠠᠶᠠᠭᠠᠷ ᠤᠨ ᠬᠡᠪᠴᠢᠶᠠᠨ ᠳ᠋ᠤ ᠴᠢᠨᠠᠷ ᠰᠠᠶᠢᠲᠠᠢ ᠰᠤᠷᠭᠠᠨ ᠬᠦᠮᠦᠵᠢᠯ ᠤᠨ ᠡᠬᠢ ᠪᠠᠶᠠᠯᠢᠭ ᠶᠡᠷᠦᠩᠬᠡᠢ ᠳ᠋ᠤ ᠪᠠᠨ ᠲᠤᠲᠠᠭᠤᠲᠠᠵᠤ ᠪᠠᠶᠢᠨ᠎ᠠ᠃ ᠰᠤᠷᠭᠠᠨ ᠬᠦᠮᠦᠵᠢᠯ ᠤᠨ ᠬᠦᠷᠢᠶᠠᠨ ᠳ᠋ᠤ ᠬᠤᠲᠠ ᠬᠦᠲᠡᠭᠡ ᠶᠢᠨ ᠰᠤᠷᠭᠠᠨ ᠬᠦᠮᠦᠵᠢᠯ ᠤᠨ ᠬᠦᠭ᠍ᠵᠢᠯᠲᠠ ᠲᠡᠩᠴᠡᠭᠦᠷᠢ ᠦᠭᠡᠢ᠂ ᠡᠩ ᠤᠨ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠬᠦᠭ᠍ᠵᠢᠯᠲᠠ ᠨᠢᠭᠡᠲᠦᠯ ᠦᠭᠡᠢ᠂ ᠴᠢᠲᠠᠪᠤᠷᠢᠲᠠᠨ ᠬᠦᠮᠦᠵᠢᠬᠦᠯᠬᠦ ᠪᠦᠲᠦᠴᠡ ᠵᠦᠢ ᠵᠤᠬᠢᠰ ᠦᠭᠡᠢ ᠵᠡᠷᠭᠡ ᠵᠦᠷᠢᠴᠡᠯ ᠲᠠᠢ ᠪᠠᠶᠢᠨ᠎ᠠ᠂ ᠬᠦᠭ᠍ᠵᠢᠯᠲᠠ ᠶᠢᠨ ᠭᠤᠤᠯᠲᠠᠯᠭ᠎ᠠ ᠪᠠᠨ ᠶᠡᠷᠦᠩᠬᠡᠢ ᠬᠡᠮᠵᠢᠶᠡᠨ ᠤ ᠨᠡᠮᠡᠭᠲᠡᠯ ᠡᠴᠡ ᠪᠦᠲᠦᠴᠡ ᠶᠢᠨ ᠰᠢᠯᠢᠲᠡᠭᠵᠢᠬᠦᠯᠦᠯᠲᠡ ᠳ᠋ᠤ ᠠᠪᠴᠢᠷᠠᠪᠠᠯ ᠵᠤᠬᠢᠨ᠎ᠠ ᠭᠡᠵᠡᠢ᠃

    《ᠲᠦᠪ ᠭᠤᠤᠯᠴᠢ ᠪᠦᠭᠡᠳ ᠴᠢᠨᠠᠷ ᠰᠠᠶᠢᠲᠠᠢ ᠰᠤᠷᠭᠠᠨ ᠬᠦᠮᠦᠵᠢᠯ ᠨᠢ ᠰᠤᠷᠭᠠᠭᠤᠯᠢ ᠶᠢᠨ ᠲᠦᠷᠦᠯ ᠤᠯᠠᠨ ᠪᠠᠶᠢᠬᠤ᠂ ᠪᠤᠲᠠᠭᠠᠯᠢ ᠪᠠᠶ᠎ᠠ  ᠳᠤ ᠲᠤᠬᠢᠷᠠᠯᠴᠠᠭᠰᠠᠨ ᠰᠤᠷᠭᠠᠨ ᠬᠦᠮᠦᠵᠢᠯ ᠤᠨ ᠰᠤᠷᠤᠯᠴᠠᠬᠤ ᠰᠢᠰᠲ᠋ᠧᠮ ᠢ ᠪᠠᠶᠢᠭᠤᠯᠬᠤ᠂ ᠬᠢᠴᠢᠶᠡᠯ ᠤᠨ ᠲᠥᠷᠥᠯ ᠢ ᠤᠯᠠᠰᠢᠷᠠᠭᠤᠯᠵᠤ ᠠᠳᠠᠯᠢ ᠬᠡᠯᠪᠡᠷᠢ ᠶᠢᠨ ᠰᠤᠷᠭᠠᠭᠤᠯᠢ ᠶᠢᠨ ᠪᠠᠶᠢᠲᠠᠯ ᠢ ᠬᠤᠪᠢᠷᠠᠭᠤᠯᠬᠤ ᠶᠢ ᠱᠠᠭᠠᠷᠳᠠᠬᠤ ᠪᠤᠯᠤᠨ᠎ᠠ᠂ ᠲᠦᠪ ᠭᠤᠤᠯᠴᠢ ᠶᠢᠨ ᠤᠨᠢᠨ ᠲᠡᠭᠡᠷ᠎ᠡ ᠨᠢ ᠬᠦᠴᠦ ᠭᠠᠷᠭᠠᠵᠤ᠂ ᠴᠢᠨᠠᠷ ᠰᠠᠶᠢᠲᠠᠢ ᠦᠷ᠎ᠡ ᠪᠦᠲᠦᠮᠵᠢ ᠶᠢ ᠬᠦᠭᠡᠭᠡᠴᠡᠯᠲᠦᠪᠡᠯ ᠰᠠᠶ᠊ᠢ ᠰᠤᠷᠭᠠᠨ ᠬᠦᠮᠦᠵᠢᠯ ᠤᠨ ᠡᠷᠬᠡ ᠲᠡᠭ᠍ᠰᠢ ᠶᠢ ᠪᠡᠶᠡᠯᠡᠬᠦᠯᠵᠦ᠂ ᠰᠤᠷᠭᠠᠨ ᠬᠦᠮᠦᠵᠢᠯ ᠤᠨ ᠡᠷᠬᠡ ᠲᠡᠭᠰᠢ ᠪᠡᠷ ᠨᠡᠶᠢᠭᠡᠮ ᠤᠨ ᠡᠷᠬᠡ ᠲᠡᠭᠰᠢ ᠶᠢ ᠠᠬᠢᠭᠤᠯᠬᠤ ᠪᠤᠯᠤᠨ᠎ᠠ》ᠭᠡᠵᠦ ᠨᠠᠮ ᠤᠨ ᠠᠷᠪᠠ ᠶᠢᠰᠦᠲᠦᠭᠡᠷ ᠶᠡᠬᠡ ᠬᠤᠷᠠᠯ ᠤᠨ ᠲᠦᠯᠦᠭᠡᠯᠡᠭᠴᠢ᠂ ᠵᠦᠩᠱᠠᠨ ᠶᠡᠬᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠴᠦᠨ ᠱᠧᠩ ᠶᠠᠷᠢᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121844524