蒙古文网站Logo
ᠰᠢᠨᠬᠤᠸᠠ ᠮᠤᠩᠭ᠋ᠤᠯ ᠨᠧᠲ

ᠬᠦᠬᠡᠨᠠᠭᠤᠷ᠄ 《ᠲᠦᠮᠡᠨ ᠲᠤᠰᠬᠤᠨ ᠪᠠᠭᠰᠢ ᠶᠢᠨ ᠡᠩᠨᠡᠭᠡᠨ ᠤ ᠲᠦᠰᠦᠯ》 ᠶᠢᠡᠷ ᠮᠠᠯᠵᠢᠬᠤ ᠲᠠᠷᠢᠶᠠᠯᠠᠬᠤ ᠤᠷᠤᠨ ᠤ ᠪᠠᠭᠰᠢ ᠲᠤᠲᠠᠭᠲᠠᠵᠤ ᠪᠠᠶᠢᠬᠤ ᠠᠰᠠᠭᠤᠲᠠᠯ ᠢ ᠰᠢᠢᠳᠪᠦᠷᠢᠯᠡᠨ᠎ᠡ

2017-10-24 12:43

    ᠰᠢᠨᠬᠤᠧᠠ ᠬᠤᠷᠢᠶ᠎ᠠ   ᠰᠢᠨᠢᠩ ᠤᠨ 10 ᠰᠠᠷ᠎ᠠ ᠶᠢᠨ 22 ᠤᠨ ᠡᠲᠦᠷ ᠤᠨ ᠴᠠᠬᠢᠯᠭᠠᠨ ᠮᠡᠲᠡᠭᠡ (ᠰᠤᠷᠪᠤᠯᠵᠢᠯᠠᠭᠴᠢ ᠵᠠᠩ ᠳ᠋ᠠ ᠴᠤᠧᠠᠨ) ᠪᠤᠶᠢᠲᠠ ᠪᠦᠭ᠍ᠯᠡᠬᠦᠦ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢᠨ ᠡᠩᠨᠡᠭᠡᠨ ᠤ ᠬᠦᠴᠢᠷ ᠠᠰᠠᠭᠤᠲᠠᠯ ᠢ ᠰᠢᠢᠳᠪᠦᠷᠢᠯᠡᠵᠦ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠡᠢ ᠬᠦᠭ᠍ᠵᠢᠯᠲᠠ ᠶᠢ ᠠᠬᠢᠭᠤᠯᠬᠤ ᠪᠡᠷ ᠬᠦᠬᠡᠨᠠᠭᠤᠷ ᠤᠨ ᠪᠠᠭᠰᠢ ᠶᠢᠨ ᠶᠡᠬᠡ ᠰᠤᠷᠭᠠᠭᠤᠯᠢ《ᠲᠦᠮᠡᠨ ᠲᠤᠰᠬᠤᠨ ᠪᠠᠭᠰᠢ ᠶᠢᠨ ᠡᠩᠨᠡᠭᠡᠨ ᠤ ᠲᠦᠰᠦᠯ》 ᠳ᠋ᠤ ᠤᠷᠤᠯᠴᠠᠪᠠ᠃ ᠢᠷᠡᠬᠦ ᠭᠤᠷᠪᠠᠨ ᠵᠢᠯ ᠳ᠋ᠤ ᠬᠦᠬᠡᠨᠠᠭᠤᠷ ᠮᠤᠵᠢ ᠰᠤᠷᠭᠠᠨ ᠬᠦᠮᠦᠵᠢᠯ ᠶᠢᠡᠷ ᠲᠡᠳᠬᠦᠬᠦ ᠬᠡᠲᠦᠨ ᠮᠢᠩᠭ᠋ᠠᠨ ᠤᠶᠤᠲᠠᠳ ᠢ ᠮᠢᠩᠭ᠋ᠠᠨ ᠲᠦᠮᠡᠨ ᠲᠦᠭᠦᠷᠢᠭ᠌ ᠶᠢᠡᠷ ᠲᠤᠰᠠᠯᠠᠨ ᠲᠡᠮᠵᠢᠵᠦ᠂ ᠮᠠᠯᠵᠢᠬᠤ ᠲᠠᠷᠢᠶᠠᠯᠠᠬᠤ ᠤᠷᠤᠨ ᠤ ᠲᠤᠮᠲᠠᠲᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢ ᠪᠠᠲᠤᠯᠠᠬᠤ ᠪᠤᠯᠤᠨ᠎ᠠ᠃

    ᠤᠶᠢᠯᠠᠭᠠᠭᠰᠠᠨ ᠶᠢᠡᠷ᠂ ᠬᠦᠬᠡᠨᠠᠭᠤᠷ ᠤᠨ ᠪᠠᠭᠰᠢ ᠶᠢᠨ ᠶᠡᠬᠡ ᠰᠤᠷᠭᠠᠭᠤᠯᠢ 9 ᠵᠢᠯ ᠤᠨ ᠲᠤᠷᠰᠢ 20 ᠪᠠᠭᠰᠢ ᠶᠢᠨ ᠲᠤᠰᠬᠠᠢ ᠮᠡᠷᠭᠡᠵᠢᠯ ᠤᠨ 11000 ᠭᠠᠷᠤᠢ ᠤᠶᠤᠲᠠᠨ ᠪᠠ ᠰᠢᠶᠠᠨ ᠳ᠋ᠤ ᠰᠠᠭᠤᠭ᠎ᠠ 289 ᠪᠠᠭᠰᠢ ᠶᠢ ᠵᠤᠬᠢᠶᠠᠨ ᠪᠠᠶᠢᠭᠤᠯᠵᠤ ᠮᠠᠯᠵᠢᠬᠤ ᠲᠠᠷᠢᠶᠠᠯᠠᠬᠤ ᠤᠷᠤᠨ ᠤ 30 ᠭᠠᠷᠤᠢ ᠰᠢᠶᠠᠨ ᠵᠧᠦ ᠶᠢᠨ 400 ᠭᠠᠷᠤᠢ ᠲᠤᠮᠲᠠᠲᠤ ᠪᠠᠭ᠎ᠠ ᠰᠤᠷᠭᠠᠭᠤᠯᠢ ᠳ᠋ᠤ ᠨᠢᠭᠡ ᠰᠤᠷᠤᠯᠭ᠎ᠠ ᠶᠢᠨ ᠬᠤᠭᠤᠴᠠᠭᠠᠨ ᠤ ᠠᠵᠢᠯ ᠤᠨ ᠪᠠᠶᠢᠷᠢ ᠤᠷᠤᠯᠠᠬᠤ ᠲᠠᠲᠤᠯᠭ᠎ᠠ ᠳ᠋ᠤ ᠤᠷᠤᠯᠴᠠᠭᠤᠯᠵᠤ᠂ ᠮᠠᠯᠵᠢᠬᠤ ᠲᠠᠷᠢᠶᠠᠯᠠᠬᠤ ᠤᠷᠤᠨ ᠤ 30 ᠲᠦᠮᠡᠨ ᠰᠤᠷᠤᠭᠴᠢᠳ ᠲᠤ ᠠᠰᠢᠭ ᠬᠦᠷᠲᠡᠭᠡᠪᠡ᠃

    ᠲᠠᠨᠢᠯᠴᠠᠭᠤᠯᠤᠭᠰᠠᠨ ᠶᠢᠡᠷ᠂ ᠰᠤᠷᠭᠠᠨ ᠬᠦᠮᠦᠵᠢᠯ ᠳ᠋ᠤ ᠲᠤᠰᠠᠯᠠᠬᠤ ᠰᠤᠷᠤᠭᠴᠢᠳ ᠡᠲᠦᠷ ᠲᠤᠲᠤᠮ  ᠬᠢᠴᠢᠶᠠᠯ ᠵᠢᠭᠠᠬᠤ ᠡᠴᠡ ᠭᠠᠲᠠᠨ᠎ᠠ ᠬᠡᠦᠬᠡᠳ ᠢ ᠵᠤᠬᠢᠶᠠᠨ ᠪᠠᠶᠢᠭᠤᠯᠤᠨ ᠲᠤᠷ᠎ᠠ ᠰᠤᠨᠢᠷᠬᠠᠯᠲᠤ ᠠᠩᠬᠢ ᠡᠷᠬᠢᠯᠡᠬᠦ᠂ ᠨᠤᠮ ᠤᠩᠰᠢᠬᠤ ᠬᠦᠲᠡᠯᠭᠡᠭᠡᠨ ᠵᠤᠬᠢᠶᠠᠨ ᠪᠠᠶᠢᠭᠤᠯᠤᠨ᠎ᠠ᠃ ᠠᠭᠤᠯᠠᠷᠬᠠᠭ ᠤᠷᠤᠨ ᠶᠢᠡᠷ ᠬᠦᠷᠴᠦ ᠰᠤᠷᠭᠠᠨ ᠬᠦᠮᠦᠵᠢᠯ ᠤᠨ ᠬᠦᠭ᠍ᠵᠢᠯᠲᠠ ᠶᠢᠨ ᠪᠠᠶᠢᠲᠠᠯ ᠢ ᠤᠶᠢᠯᠠᠭᠠᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠠᠮᠢᠲᠤᠷᠠᠯ᠂ ᠰᠡᠳᠬᠢᠴᠡ ᠶᠢᠨ ᠪᠠᠶᠢᠲᠠᠯ ᠢ ᠤᠶᠢᠯᠠᠭᠠᠨ᠎ᠠ᠃ ᠡᠲᠡᠭᠡᠷ ᠰᠤᠷᠤᠭᠴᠢᠳ ᠲᠤᠰᠠᠯᠠᠮᠵᠢ ᠶᠢᠨ ᠮᠦᠩᠬᠦ ᠬᠦᠷᠲᠡᠬᠦ ᠡᠴᠡ ᠭᠠᠲᠠᠨ᠎ᠠ ᠰᠤᠷᠭᠠᠭᠤᠯᠢ ᠪᠠᠨ ᠲᠡᠭᠦᠰᠦᠭᠰᠡᠨ ᠤ ᠲᠠᠷᠠᠭ᠎ᠠ ᠬᠦᠲᠡᠭᠡ ᠤᠷᠤᠨ ᠨᠤᠲᠤᠭ ᠲᠠᠭᠠᠨ ᠦᠢᠯᠡᠰ ᠪᠤᠰᠬᠠᠬᠤ ᠳ᠋ᠤ ᠲᠤᠰᠠᠯᠠᠮᠵᠢ ᠶᠢᠨ ᠮᠦᠩᠬᠦ ᠭᠤᠶᠤᠴᠢᠯᠠᠵᠤ ᠪᠤᠯᠤᠨ᠎ᠠ᠃

ᠢᠷᠡᠯᠳᠡ᠄ ᠰᠢᠨᠬᠤᠧᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121848684