蒙古文网站Logo
ᠰᠢᠨᠬᠤᠸᠠ ᠮᠤᠩᠭ᠋ᠤᠯ ᠨᠧᠲ

ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠡᠩᠴᠡᠬᠦᠷᠢᠲᠡᠢ ᠬᠦᠭ᠍ᠵᠢᠯᠲᠠ ᠶᠢᠨ ᠦᠨᠡᠯᠡᠯᠲᠡ ᠳ᠋ᠤ ᠦᠪᠦᠷ ᠮᠤᠩᠭ᠋ᠤᠯ ᠤᠨ ᠶᠢᠰᠦᠨ ᠬᠤᠰᠢᠭᠤ ᠰᠢᠶᠠᠨ ᠱᠠᠭᠠᠷᠲᠠᠯᠭ᠎ᠠ ᠳ᠋ᠤ ᠬᠦᠷᠪᠡ

2017-11-01 15:40

    28 ᠤ ᠡᠲᠦᠷ᠂ ᠰᠤᠷᠪᠤᠯᠵᠢᠯᠠᠭᠴᠢ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠤ ᠰᠢᠶᠠᠨ ᠤ ᠱᠠᠲᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠠᠩᠴᠡᠭᠦᠷᠢᠲᠡᠢ ᠬᠦᠭ᠍ᠵᠢᠯᠲᠠ ᠶᠢᠨ ᠤᠯᠤᠰ ᠤᠨ ᠵᠢᠭᠠᠨ ᠵᠢᠯᠤᠭᠤᠳᠬᠤ ᠪᠠᠶᠢᠴᠠᠭᠠᠨ ᠲᠤᠰᠬᠠᠬᠤ ᠬᠤᠷᠠᠯ ᠡᠴᠡ ᠤᠶᠢᠯᠠᠭᠠᠭᠰᠠᠨ ᠶᠢᠡᠷ᠂ ᠡᠨᠡ ᠤᠨ ᠳ᠋ᠤ ᠦᠪᠦᠷ ᠮᠤᠩᠭ᠋ᠤᠯ ᠤᠨ 32 ᠬᠤᠰᠢᠭᠤ ᠰᠢᠶᠠᠨ ( ᠬᠤᠲᠠ᠂ ᠲᠤᠭᠤᠷᠢᠭ ) ᠤᠯᠤᠰ ᠡᠴᠡ ᠲᠤᠭᠲᠠᠭᠠᠭᠰᠠᠨ ᠠᠯᠪᠠᠨ ᠵᠢᠷᠤᠮ ᠤᠨ ᠰᠤᠷᠭᠠᠨ ᠬᠦᠮᠦᠵᠢᠯ ᠢ ᠬᠦᠭ᠍ᠵᠢᠬᠦᠯᠬᠦ ᠦᠨᠳᠦᠰᠦᠨ ᠲᠡᠩᠴᠡᠭᠦᠷᠢᠲᠠᠢ ᠰᠢᠶᠠᠨ  ᠤ ᠪᠠᠷᠢᠮᠵᠢᠶ᠎ᠠ ᠳ᠋ᠤ ᠬᠦᠷᠦᠭᠰᠡᠨ ᠶᠢᠡᠷ ᠦᠪᠦᠷ ᠮᠤᠩᠭ᠋ᠤᠯ ᠤᠨ ᠨᠡᠶᠢᠲᠡ 93 ᠬᠤᠰᠢᠭᠤ ᠰᠢᠶᠠᠨ (ᠬᠤᠲᠠ ᠲᠤᠭᠤᠷᠢᠭ ) ᠡᠨᠡᠬᠦ ᠪᠠᠷᠢᠮᠵᠢᠶ᠎ᠠ ᠳ᠋ᠤ ᠬᠦᠷᠦᠯ᠎ᠡ᠂ ᠰᠢᠶᠠᠨ ᠶᠢᠡᠷ ᠨᠢᠭᠡᠴᠢ ᠪᠤᠯᠭᠠᠵᠤ ᠪᠠᠷᠢᠮᠵᠢᠶ᠎ᠠ ᠳ᠋ᠤ ᠬᠦᠷᠦᠭᠰᠡᠨ ᠨᠤᠷᠮ᠎ᠠ 91.2% ᠲᠤ ᠬᠦᠷᠴᠦ᠂ ᠤᠯᠤᠰ ᠡᠴᠡ ᠲᠠᠭᠠᠭᠠᠯᠭᠠᠭᠰᠠᠨ ᠡᠭᠦᠷᠭᠡ ᠬᠠᠷᠠᠯᠲᠠ ᠶᠢ 3 ᠵᠢᠯ ᠤᠷᠢᠳᠴᠢᠯᠠᠨ ᠪᠡᠶᠡᠯᠡᠭᠦᠯᠵᠡᠢ᠃

    ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠲᠡᠩᠴᠡᠭᠦᠷᠢᠲᠡᠢ ᠬᠦᠭ᠍ᠵᠢᠯᠲᠠ ᠶᠢ ᠠᠬᠢᠭᠤᠯᠬᠤ ᠪᠡᠷ ᠦᠪᠦᠷ ᠮᠤᠩᠭ᠋ᠤᠯ ᠤᠨ ᠦᠪᠡᠷᠲᠡᠭᠡᠨ ᠵᠠᠰᠠᠬᠤ ᠤᠷᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠤᠬᠢᠷᠠᠭᠤᠯᠤᠯᠲᠠ ᠶᠢ ᠤᠯᠠᠮ ᠨᠢᠭᠡ ᠠᠯᠬᠤᠮ ᠰᠢᠯᠢᠲᠡᠭᠵᠢᠬᠦᠯᠵᠦ᠂ ᠪᠠᠷᠢᠮᠵᠢᠶᠠᠵᠢᠭᠤᠯᠤᠯᠲᠠ ᠶᠢ ᠠᠬᠢᠭᠤᠯᠤᠨ᠎ᠠ ; ᠪᠦᠬᠦ ᠤᠷᠤᠨ ᠤ 76 ᠬᠤᠰᠢᠭᠤ ᠰᠢᠶᠠᠨ (ᠬᠤᠲᠠ᠂ ᠲᠤᠭᠤᠷᠢᠭ)᠂ 2084 ᠰᠤᠷᠭᠠᠭᠤᠯᠢ ᠳ᠋ᠤ《ᠨᠥᠬᠦᠴᠡᠯ ᠨᠢ ᠠᠨᠠᠢ ᠰᠤᠷᠭᠠᠭᠤᠯᠢ ᠶᠢ ᠪᠦᠬᠦ ᠲᠠᠯ᠎ᠠ ᠪᠡᠷ ᠰᠠᠶᠢᠵᠢᠷᠠᠭᠤᠯᠬᠤ》ᠢᠨᠵᠸᠨ᠋ᠸᠷᠢᠩ ᠢ ᠬᠡᠷᠡᠭᠵᠢᠬᠦᠯᠵᠦ᠂ ᠪᠠᠭᠰᠢ ᠵᠠᠬᠢᠷᠤᠯ ᠤᠨ ᠰᠤᠯᠢᠯᠴᠠᠭ᠎ᠠ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠬᠤᠲᠠ ᠳ᠋ᠤ ᠤᠷᠤᠵᠤ ᠬᠦᠯᠦᠰᠦᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠳ ᠤᠨ ᠦᠷ᠎ᠡ ᠬᠡᠦᠬᠡᠳ   ᠢ ᠰᠤᠷᠭᠠᠭᠤᠯᠢ  ᠳᠤ ᠤᠷᠤᠭᠤᠯᠬᠤ ᠠᠵᠢᠯ ᠢ ᠠᠬᠢᠭᠤᠯᠤᠨ᠂ ᠰᠤᠷᠭᠠᠭᠤᠯᠢ ᠡᠴᠡ ᠪᠠᠨ ᠲᠤᠷᠭᠤᠨ ᠵᠤᠭᠰᠤᠬᠤ ᠶᠢ ᠬᠢᠵᠠᠭᠠᠷᠯᠠᠵᠤ᠂ ᠰᠤᠷᠤᠭᠴᠢᠳ ᠤᠨ ᠬᠢᠴᠢᠶᠠᠯ ᠲᠠᠭᠠᠭᠠᠯᠭᠠᠪᠤᠷᠢ ᠶᠢᠨ ᠲᠠᠷᠤᠭᠠᠰᠤ ᠶᠢ ᠬᠦᠩᠭᠡᠯᠡᠨ᠂ ᠰᠤᠷᠭᠠᠭᠤᠯᠢ ᠰᠤᠩᠭ᠋ᠤᠬᠤ ᠰᠤᠷᠤᠭᠴᠢ ᠶᠢ ᠴᠢᠩᠭ᠋᠎ᠠ ᠬᠢᠵᠠᠭᠠᠷᠯᠠᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠲᠤᠨ ᠳ᠋ᠤ ᠭᠡᠷ ᠡᠴᠡ ᠪᠠᠨ ᠤᠶᠢᠷ᠎ᠠ ᠰᠤᠷᠭᠠᠭᠤᠯᠢ ᠳ᠋ᠤ ᠤᠷᠤᠬᠤ ᠵᠡᠷᠭᠡ ᠲᠠᠯ᠎ᠠ ᠶᠢᠨ ᠲᠦᠷᠦ ᠶᠢᠨ ᠪᠤᠲᠤᠯᠭ᠎ᠠ  ᠶᠢ ᠤᠯᠠᠮ ᠨᠢᠭᠡ ᠠᠯᠬᠤᠮ ᠲᠡᠬᠦᠯᠲᠡᠷᠵᠢᠬᠦᠯᠦᠨ᠎ᠡ ; ᠲᠤᠲᠤᠭᠤᠷ ᠪᠠᠶᠢᠷᠢ ᠶᠢᠨ ᠨᠦᠬᠦᠴᠡᠯ ᠢ ᠰᠠᠶᠢᠵᠢᠷᠠᠭᠤᠯᠬᠤ᠂ ᠵᠤᠷᠯᠤᠩ᠂ ᠬᠤᠭᠤᠯᠠᠨ ᠭᠡᠷ᠂ ᠲᠤᠯᠠᠭᠠᠯᠠᠭ᠎ᠠ ᠵᠡᠷᠭᠡ ᠠᠰᠠᠭᠤᠲᠠᠯ ᠢ ᠳᠤᠬᠢᠳᠠᠢ ᠰᠢᠢᠳᠪᠦᠷᠢᠯᠡᠨ᠎ᠡ᠃

ᠢᠷᠡᠯᠳᠡ᠄ ᠠᠷᠠᠳ ᠤᠨ ᠡᠲᠦᠷ ᠤᠨ ᠰᠤᠨᠢᠨ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121890569