蒙古文网站Logo
ᠰᠢᠨᠬᠤᠸᠠ ᠮᠤᠩᠭ᠋ᠤᠯ ᠨᠧᠲ

ᠶᠡᠬᠡ ᠳᠡᠭᠡᠲᠤ ᠰᠤᠷᠭᠠᠭᠤᠯᠢ  ᠶᠢᠨ ᠡᠯᠰᠡᠯᠲᠠ ᠶᠢᠨ ᠰᠢᠯᠭᠠᠯᠲᠠ ᠳᠤ ᠨᠡᠷ᠎ᠠ ᠪᠦᠷᠢᠳᠭᠡᠭᠦᠯᠬᠦ ᠳ᠋ᠡᠬᠡᠨ ᠲᠤᠬᠲᠠᠭᠠᠯ ᠡᠴᠡ ᠵᠦᠷᠢᠴᠡᠪᠡᠯ ᠬᠦᠨᠳᠤ ᠪᠡᠷ ᠰᠢᠶ᠋ᠳᠬᠡᠨ᠎ᠡ

2017-11-06 17:12

    ᠥᠪᠦᠷ ᠮᠣᠩᠭ᠋ᠤᠯ ᠤᠨ ᠥᠪᠡᠷᠲᠡᠬᠡᠨ ᠵᠠᠰᠠᠬᠤ ᠤᠷᠤᠨ ᠤ ᠰᠤᠷᠭᠠᠨ ᠬᠦᠮᠦᠵᠢᠯ ᠰᠤᠷᠤᠭᠴᠢ ᠡᠯᠰᠡᠬᠦ ᠰᠢᠯᠭᠠᠯᠲᠠ ᠶᠢᠨ ᠲᠦᠪ ᠤᠨ ᠮᠡᠳᠡᠭᠡ ᠡᠴᠡ ᠤᠶᠢᠯᠠᠭᠠᠭᠰᠠᠨ ᠢᠶᠡᠷ᠂ ᠰᠢᠯᠭᠠᠭᠤᠯᠤᠭᠰᠠᠳ 2018 ᠤᠨ ᠤ ᠶᠡᠬᠡ ᠳᠡᠭᠡᠲᠤ ᠰᠤᠷᠭᠠᠭᠤᠯᠢ  ᠶᠢᠨ ᠡᠯᠰᠡᠯᠲᠠ ᠶᠢᠨ ᠰᠢᠯᠭᠠᠯᠲᠠ ᠳᠤ ᠨᠡᠷ᠎ᠠ ᠪᠦᠷᠢᠳᠭᠡᠭᠦᠯᠬᠦ ᠳ᠋ᠡᠬᠡᠨ ᠲᠤᠬᠲᠠᠭᠠᠯ ᠡᠴᠡ ᠵᠦᠷᠢᠴᠡᠭᠰᠡᠨ ᠪᠠᠶᠢᠪᠠᠯ ᠬᠦᠨᠳᠤ ᠰᠢᠢᠳᠭᠡᠯ ᠤᠯᠤᠨ᠎ᠠ᠂ ᠢᠯᠡᠴᠢᠯᠡᠨ ᠮᠡᠳᠡᠭᠦᠯᠦᠭᠰᠡᠳ 1000 ᠲᠦᠭᠦᠷᠢᠭ᠌ ᠤᠨ ᠤᠷᠮᠠᠰᠢᠭᠤᠯᠤᠯ ᠲᠠᠢ᠃

    ᠲᠠᠨᠢᠯᠴᠠᠭᠤᠯᠤᠭᠰᠠᠨ ᠢᠶᠡᠷ᠂ ᠬᠤᠳᠠᠯ ᠬᠠᠭᠤᠷᠮᠠᠭ ᠨᠡᠷ᠎ᠠ ᠪᠦᠷᠢᠳᠭᠡᠬᠦᠯᠬᠦ ᠰᠤᠷᠠᠭ ᠵᠠᠩᠬᠢ ᠬᠠᠩᠭ᠋ᠠᠬᠰᠠᠨ᠂ ᠬᠤᠳᠠᠯ ᠬᠠᠭᠤᠷᠮᠠᠭ ᠨᠡᠷ᠎ᠠ ᠪᠦᠷᠢᠳᠭᠡᠬᠦᠯᠬᠦ ᠮᠠᠲ᠋ᠧᠷᠢᠶᠠᠯ ᠢᠶᠡᠷ ᠨᠡᠷ᠎ᠠ ᠪᠦᠷᠢᠳᠭᠡᠬᠦᠯᠬᠦ ᠡᠷᠭᠡ ᠤᠯᠤᠭᠰᠠᠨ᠂ ᠨᠡᠷ᠎ᠠ ᠪᠦᠷᠢᠳᠭᠡᠬᠦᠯᠬᠦ ᠨᠦᠬᠦᠴᠡᠯ ᠳᠤ ᠨᠡᠶᠢᠴᠡᠬᠦ ᠦᠬᠡᠢ ᠪᠤᠯᠪᠠᠴᠤ ᠠᠯᠪᠠᠨ ᠶᠤᠰᠤᠭᠠᠷ ᠨᠡᠷ᠎ᠠ ᠪᠦᠷᠢᠳᠭᠡᠬᠦᠯᠦᠭᠰᠡᠨ ᠪᠤᠶᠤ 《ᠶᠡᠬᠡ ᠳᠡᠭᠡᠲᠤ ᠰᠤᠷᠭᠠᠭᠤᠯᠢ  ᠶᠢᠨ ᠡᠯᠰᠡᠯᠲᠠ ᠶᠢᠨ ᠰᠢᠯᠭᠠᠯᠲᠠ ᠶᠢᠨ ᠨᠡᠬᠦᠳᠡᠯᠴᠢᠨ》ᠪᠤᠯᠬᠤ ᠶᠢ ᠪᠠᠶᠢᠴᠠᠭᠠᠵᠤ ᠪᠠᠲᠤᠯᠠᠬᠰᠠᠨ ᠰᠢᠯᠭᠠᠭᠤᠯᠤᠭᠰᠠᠳ ᠢ ᠰᠢᠯᠭᠠᠬᠤ ᠡᠴᠡ  ᠡᠮᠦᠨ᠎ᠠ ᠢᠯᠡᠷᠡᠭᠦᠯᠵᠦ ᠨᠤᠲᠠᠯᠠᠬᠰᠠᠨ ᠪᠤᠯ ᠨᠡᠷ᠎ᠠ ᠪᠦᠷᠢᠳᠭᠡᠬᠦᠯᠬᠦ ᠡᠷᠭᠡ ᠪᠠ ᠰᠢᠯᠭᠠᠭᠤᠯᠬᠤ ᠡᠷᠭᠡ ᠶᠢ ᠨᠢ ᠬᠠᠰᠤᠵᠤ᠂ ᠰᠢᠯᠭᠠᠭᠤᠯᠤᠬᠰᠠᠨ ᠤ ᠬᠢᠨᠢ ᠳᠠᠷᠠᠭ᠎ᠠ ᠢᠯᠡᠷᠡᠭᠦᠯᠵᠦ ᠨᠤᠲᠠᠯᠠᠬᠰᠠᠨ ᠪᠤᠯ ᠬᠢᠷᠢ ᠪᠦᠲᠦᠮᠵᠢ ᠪᠠ ᠡᠯᠰᠡᠭᠳᠡᠭᠦ ᠡᠷᠬᠡ ᠶᠢ ᠨᠢ ᠬᠦᠴᠦᠨ ᠦᠬᠡᠢ ᠪᠤᠯᠭᠠᠨ᠎ᠠ᠂ ᠡᠯᠰᠡᠳᠡᠭᠰᠡᠨ ᠤ ᠬᠢᠨᠢ ᠳᠠᠷᠠᠭ᠎ᠠ ᠢᠯᠡᠷᠡᠭᠦᠯᠵᠦ ᠨᠤᠲᠠᠯᠠᠬᠰᠠᠨ ᠪᠤᠯ ᠰᠤᠷᠭᠠᠭᠤᠯᠢ ᠳᠤ ᠤᠷᠤᠬᠤ ᠡᠷᠭᠡ ᠶᠢ ᠨᠢ ᠬᠠᠰᠤᠵᠤ᠂ ᠨᠢᠬᠡᠨᠲᠠ ᠰᠤᠷᠭᠠᠭᠤᠯᠢ ᠳᠤ ᠤᠷᠤᠬᠰᠠᠨ ᠰᠢᠯᠭᠠᠭᠤᠯᠤᠭᠰᠠᠳ ᠤᠨ ᠰᠤᠷᠭᠠᠭᠤᠯᠢ ᠶᠢᠨ ᠬᠠᠷᠢᠶᠠᠯᠠᠯ ᠢ ᠨᠢ ᠬᠦᠴᠦᠨ ᠦᠬᠡᠢ ᠪᠤᠯᠭᠠᠨ᠎ᠠ᠃

ᠢᠷᠡᠯᠳᠡ᠄ ᠬᠦᠬᠡᠬᠤᠲᠠ ᠶᠢᠨ ᠡᠳᠦᠷ ᠤᠨ ᠰᠣᠨᠢᠨ ᠪᠡᠯᠡᠳᠭᠡᠭ᠍ᠰᠡᠨ ᠨᠢ᠄ ᠰᠤᠷᠤᠶ᠎ᠠ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121913777