蒙古文网站Logo
ᠰᠢᠨᠬᠤᠸᠠ ᠮᠤᠩᠭ᠋ᠤᠯ ᠨᠧᠲ

ᠯᠢᠦᠢ ᡁᠢ ᠡᠾᠧ ᠪᠡᠭᠡᠵᠢᠩ ᠶᠡᠬᠡ ᠰᠤᠷᠭᠠᠭᠤᠯᠢ ᠶᠢᠨ ᠠᠮᠢ ᠶᠢᠨ ᠰᠢᠨᠵᠢᠯᠡᠭᠡᠨ ᠤ ᠲᠡᠭᠡᠳᠦ ᠰᠤᠷᠭᠠᠭᠤᠯᠢ ᠳ᠋ᠤ 1.2 ᠳ᠋ᠦᠩᠰᠢᠭᠤᠷ ᠲᠦᠭᠦᠷᠢᠭ᠌ ᠬᠠᠨᠲᠢᠪᠯᠠᠪᠠ

2017-11-09 18:16

    11 ᠰᠠᠷ᠎᠎ᠠ ᠶᠢᠨ 8 ᠤ ᠡᠲᠦᠷ᠂ ᠵᠢᠶᠠ ᠬᠤᠧᠠ ᠪᠦᠯᠦᠭᠯᠡᠯ ᠤᠨ ᠲᠡᠷᠢᠬᠦᠯᠡᠭᠴᠢ ᠯᠢᠦᠢ ᡁᠢ ᠡᠾᠧ ᠰᠢᠶᠠᠩᠭ᠋ᠠᠩ ᠳ᠋ᠤ ᠪᠡᠭᠡᠵᠢᠩ ᠶᠡᠬᠡ ᠰᠤᠷᠭᠠᠭᠤᠯᠢ ᠶᠢᠨ ᠠᠮᠢ ᠶᠢᠨ ᠰᠢᠨᠵᠢᠯᠡᠭᠡᠨ ᠤ ᠲᠡᠭᠡᠳᠦ ᠰᠤᠷᠭᠠᠭᠤᠯᠢ ᠳ᠋ᠤ 1.2 ᠳ᠋ᠦᠩᠰᠢᠭᠤᠷ ᠲᠦᠭᠦᠷᠢᠭ᠌ ᠬᠠᠨᠳᠢᠪᠯᠠᠵᠤ᠂ 《ᠯᠢᠦᠢ ᡁᠢ ᠡᠾᠧ ᠠᠮᠢ ᠶᠢᠨ ᠰᠢᠨᠵᠢᠯᠡᠭᠡᠨ ᠤ ᠲᠡᠭᠡᠳᠦ ᠰᠤᠷᠭᠠᠭᠤᠯᠢ ᠶᠢᠨ ᠰᠠᠭᠤᠷᠢ ᠮᠦᠩᠬᠦ》  ᠶ᠋ᠢ ᠪᠠᠶᠢᠭᠤᠯᠬᠤ ᠲᠤᠬᠠᠢ ᠪᠠᠨ ᠵᠠᠷᠯᠠᠭᠰᠠᠨ᠃ ᠡᠨᠡᠬᠦ ᠰᠠᠭᠤᠷᠢ ᠮᠦᠩᠬᠦ ᠶᠢ ᠪᠠᠶᠢᠭᠤᠯᠤᠭᠰᠠᠨ ᠨᠢ ᠠᠮᠢ ᠶᠢᠨ ᠰᠢᠨᠵᠢᠯᠡᠭᠡᠨ ᠤ ᠲᠡᠭᠡᠳᠦ ᠰᠤᠷᠭᠠᠭᠤᠯᠢ ᠶᠢᠨ ᠪᠠᠶᠢᠭᠤᠯᠤᠯᠲᠠ ᠪᠠ ᠰᠤᠲᠤᠯᠭᠠᠨ ᠤ ᠠᠰᠠᠷ ᠪᠠᠶᠢᠭᠤᠯᠬᠤ ᠳ᠋ᠤ ᠬᠡᠷᠡᠭᠯᠡᠵᠦ᠂ ᠠᠮᠢ ᠶᠢᠨ ᠰᠢᠨᠵᠢᠯᠡᠭᠡᠨ ᠤ ᠰᠤᠲᠤᠯᠭᠠᠨ ᠤ ᠬᠦᠭ᠍ᠵᠢᠯᠲᠠ ᠶᠢ ᠬᠠᠮᠲᠤᠪᠡᠷ ᠠᠬᠢᠭᠤᠯᠬᠤ ᠪᠤᠯᠤᠨ᠎ᠠ᠃ ᠤᠶᠢᠯᠠᠭᠠᠭᠰᠠᠨ ᠶᠢᠡᠷ᠂ 2018 ᠤᠨ ᠳ᠋ᠤ ᠠᠰᠢᠭᠯᠠᠯᠲᠠ ᠳ᠋ᠤ ᠤᠷᠤᠬᠤ ᠪᠡᠷ ᠪᠠᠶᠢᠭ᠎ᠠ ᠰᠤᠲᠤᠯᠭᠠᠨ ᠤ ᠠᠰᠠᠷ ᠢ 《ᠯᠢᠦᠢ ᡁᠢ ᠡᠾᠧ ᠠᠰᠠᠷ》ᠭᠡᠵᠦ ᠨᠡᠷᠡᠯᠡᠬᠦ ᠪᠤᠯᠤᠨ᠎ᠠ᠃ ( ᠵᠢᠷᠤᠭ ᠢ ᠸᠠᠩ ᠱᠧᠨ )

ᠢᠷᠡᠯᠳᠡ᠄ ᠰᠢᠨᠬᠤᠸᠠ ᠬᠤᠷᠢᠶ᠎ᠠ ᠪᠡᠯᠡᠳᠭᠡᠭ᠍ᠰᠡᠨ ᠨᠢ᠄ ᠬ • ᠦᠵᠡᠰᠭᠦᠯᠡᠩ

ᠨᠡᠶᠢᠬᠡᠮ ᠠᠬᠤᠢ

ᠰᠣᠶᠤᠯ ᠤᠷᠠᠯᠢᠭ

  • ᠶᠤᠸᠠᠨ ᠤ ᠲᠡᠭᠡᠲᠤ ᠨᠡᠶᠢᠰᠯᠡᠯ ᠳᠤ ᠪᠤᠯᠤᠭᠰᠠᠨ ᠴᠠᠭᠠᠨ ᠢᠳᠡᠭᠡᠨ ᠤ ᠰᠤᠶᠤᠯ ᠤᠨ ᠨᠠᠶᠢᠷ
  • 26 ᠳ᠋ᠤᠭᠠᠷ ᠬᠤᠭᠤᠴᠠᠭᠠᠨ ᠤ ᠠᠯᠳᠠᠨ ᠳᠠᠬᠢᠶ᠎ᠠ ᠴᠡᠴᠡᠬᠡᠰ ᠺᠢᠨᠣ᠋ ᠶᠢᠨ ᠨᠠᠶᠢᠷ ᠬᠦᠬᠡᠬᠤᠳᠠ ᠳᠤ ᠨᠡᠬᠡᠬᠡᠯᠳᠡ ᠪᠡᠨ ᠬᠢᠪᠡ
  • 《ᠪᠠᠷᠠᠭᠤᠨ ᠰᠥᠨᠢᠳ ᠢᠶᠡᠨ ᠪᠠᠬᠠᠳᠤᠨ ᠵᠢᠷᠤᠭᠯᠠᠶ᠎ᠠ》 ᠭᠠᠷ ᠤᠳᠠᠰᠤᠨ ‍ᠤ ᠭᠡᠷᠡᠯ ᠵᠢᠷᠤᠭ ‍ᠤᠨ ᠤᠷᠤᠯᠳᠤᠭᠠᠨ ᠪᠤᠯᠪᠠ
  • ᠨᠤᠮ ᠤᠨ ᠬᠡᠰᠢᠭ᠌ ᠲᠤ ᠢᠪᠡᠭᠡᠭ᠍ᠳᠡᠭᠰᠡᠨ ᠪᠠᠶᠠᠷ ᠬᠦᠷ ᠲᠠᠢ ᠵᠢᠷᠭᠤᠭᠠᠨ ᠰᠠᠷ᠎ᠠ ᠶᠢᠨ ᠨᠢᠬᠡᠨ
关闭
010070230030000000000000011120701121931543